2024 ᠣᠨ ᠠᠴᠠ ᠨᠠᠰᠢ᠂ ᠷᠡᠰᠢᠶᠠᠨ ᠬᠤᠳᠡ ᠶᠢᠨ ᠸᠧᠨᠴᠢᠤᠸᠠᠨ ᠵᠡᠭᠡᠯᠢ ᠶᠢᠨ ᠾᠧ ᠪᠢᠨ ᠨᠡᠶᠢᠭᠡᠮ ᠲᠣᠭᠤᠷᠢᠭ ᠤᠨ | ᠨᠢᠭᠡ ᠡᠷᠣᠭᠡ ᠨᠢᠭᠡ ᠭᠡᠷ ᠪᠠᠶᠢᠰᠢᠩ ︽ᠾᠧ︾ ᠨᠡᠶᠢᠭᠡᠮ ᠲᠣᠭᠤᠷᠢᠭ ᠤᠨ ᠨᠠᠷᠠᠲᠤ ᠲᠡᠮᠳᠡᠭ ᠢᠶᠠᠷ ᠨᠠᠷᠡᠯᠡᠭᠰᠠᠨ | ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ ᠪᠠᠷ ᠪᠠᠶᠢᠭᠤᠯᠵᠤ ᠬᠠᠮᠲᠤ ᠪᠠᠷ ᠰᠤᠷᠤᠯᠴᠠᠬᠤ᠂ ᠬᠠᠮᠲᠤ ᠪᠠᠷ | ᠪᠠᠶᠢᠭᠤᠯᠵᠤ ᠬᠠᠮᠲᠤ ᠪᠠᠷ ᠡᠳ᠋ᠯᠡᠬᠦ᠂ ᠬᠠᠮᠲᠤ ᠪᠠᠷ ᠠᠵᠢᠯᠯᠠᠵᠤ ᠬᠠᠮᠲᠤ ᠪᠠᠷ ᠪᠠᠶᠠᠰᠬᠤ ︽ᠬᠠᠷᠢᠯᠴᠠᠨ ᠰᠢᠭᠢᠳᠬᠡᠬᠦ ᠮᠠᠶ᠋ᠢᠭ︾ | ᠤᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠪᠠᠶᠢᠭᠤᠯᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢ ᠳᠥᠯᠭᠢᠨ ᠠᠬᠢᠭᠤᠯᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠰᠠᠭᠤᠷᠢ ᠶᠢ ᠬᠦᠴᠦᠲᠡᠶ | ᠪᠠᠬᠢᠵᠢᠭᠦᠯᠪᠡ᠃ | ︽ᠮᠥᠰᠥ ᠴᠠᠰᠤᠨ ᠤ ᠤᠯᠠᠷᠢᠯ ᠳᠤ ᠬᠦᠴᠦᠨ ᠨᠡᠮᠡᠷᠢᠯᠡᠬᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠶᠠᠯᠠᠯ ᠳᠤ | ᠬᠦᠴᠦᠨ ᠨᠡᠮᠡᠷᠢᠯᠡᠬᠦ︾ ᠭᠤᠤᠯ ᠰᠡᠳᠦᠪᠲᠦ ᠨᠠᠮ ᠤᠨ ᠡᠳᠦᠷ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠨᠢᠭᠦᠯᠪᠡ᠃ | ᠨᠡᠶᠢᠭᠡᠮ ᠲᠣᠭᠤᠷᠢᠭ ᠤᠨ ᠨᠠᠮ ᠣᠯᠠᠨ ᠲᠦᠮᠡᠨ ᠤ ᠠᠵᠢᠯ ᠤᠨ ᠦᠢᠯᠡᠴᠢᠯᠡᠭᠡᠨ ᠤ ᠲᠥᠪ ᠢᠶᠠᠷ ᠲᠦᠰᠢᠭ ᠪᠣᠯᠭᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠬᠴᠠᠯᠠᠬᠤ ᠶᠢ ᠨᠡᠶᠢᠭᠡᠮ ᠲᠣᠭᠤᠷᠢᠭ ᠤᠨ | ᠰᠠᠭᠤᠭᠠᠯᠢ ᠠᠷᠠᠳ ᠤᠨ ᠨᠡᠶᠢᠲᠡ ᠶᠢᠨ ᠭᠡᠷ᠎ᠡ ᠳᠤ ᠠᠭᠤᠰᠤᠯᠴᠠᠭᠤᠯᠬᠤ ᠶᠢ ᠠᠬᠢᠭᠤᠯᠵᠤ᠂ ᠨᠡᠶᠢᠭᠡᠮ ᠲᠣᠭᠤᠷᠢᠭ ᠤᠨ ᠣᠷᠴᠢᠨ | ᠲᠣᠭᠤᠷᠢᠨ ᠤ ᠪᠦᠲᠦᠭᠡᠨ ᠪᠠᠶᠢᠭᠤᠯᠤᠯᠲᠠ ᠳᠤ ᠠᠭᠤᠰᠤᠯᠴᠠᠭᠤᠯᠣᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠤᠬᠠᠭᠤᠯᠭ᠎ᠠ ᠬᠥᠮᠦᠵᠢᠯ ᠢ 36 ᠤᠳᠠᠭ᠎ᠠ ᠪᠠᠶᠢᠩᠭᠤᠵᠢᠭᠤᠯᠤᠨ ᠥᠷᠨᠢᠭᠦᠯᠪᠡ᠃ ᠦᠨᠳᠦᠰᠦᠲᠡᠨ ᠨᠦᠭᠦᠳ ᠤᠨ ᠬᠠᠮᠲᠤ ᠪᠠᠷ | ᠰᠠᠭᠤᠷᠢᠰᠢᠭᠰᠠᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠢᠳᠡᠪᠬᠢᠲᠡᠢ ᠪᠠᠶᠢᠭᠤᠯᠵᠤ᠂ ᠪᠠᠭ᠎ᠠ ᠲᠣᠭᠤᠷᠢᠭ ᠲᠤ | ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠶᠢᠨ ᠪᠤᠯᠤᠩ ᠢ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠤᠨ ᠰᠣᠶᠣᠯ ᠤᠨ ᠤᠷᠳᠤ ᠬᠤᠩᠬᠢᠯ ᠢ ᠪᠠᠲᠤ ᠴᠣᠭᠴᠠᠯᠠᠵᠤ᠂ | ᠦᠨᠳᠦᠰᠦᠲᠡᠨ ᠨᠦᠭᠦᠳ ᠤᠨ ᠲᠡᠮᠳᠡᠭ᠂ ᠡᠯᠧᠮᠧᠨ᠋ᠲ᠂ ᠦᠯᠢᠭᠡᠷ ᠲᠤ ᠰᠢᠭᠢᠳᠴᠦ᠂ ᠦᠨᠳᠦᠰᠦᠲᠡᠨ ᠤ ᠠᠭᠤᠰᠤᠯᠴᠠᠯ ᠤᠨ | ᠠᠭᠤᠷ ᠠᠮᠢᠰᠬᠤᠯ ᠢ ᠪᠤᠢ ᠪᠣᠯᠭᠠᠵᠡᠢ᠃ | ᠠᠵᠢᠯᠯᠠᠵᠤ ᠪᠠᠶᠢᠭ᠎ᠠ ᠨᠠᠮ ᠤᠨ ᠭᠡᠰᠢᠭᠦᠳ ᠴᠥᠭᠡᠨ ᠲᠣᠭᠠᠲᠤ ᠦᠨᠳᠦᠰᠦᠲᠡᠨ ᠤ ᠰᠠᠭᠤᠭᠠᠯᠢ ᠠᠷᠡᠳ ᠲᠤ ᠪᠠᠩᠰᠢ | ᠬᠦᠷᠭᠡᠵᠣ ᠦᠭᠪᠡ᠃ ︽ᠬᠠᠷᠢᠯᠴᠠᠨ ᠰᠢᠭᠢᠳᠬᠡᠬᠦ ᠮᠠᠶ᠋ᠢᠭ︾ ᠤᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠᠷ | ᠭᠠᠷᠳᠠᠴᠠ ᠪᠣᠯᠭᠠᠵᠤ᠂ ᠰᠤᠷᠤᠯᠴᠠᠬᠤ᠂ ᠤᠬᠠᠭᠤᠯᠬᠤ᠂ ᠬᠡᠷᠡᠭ ᠵᠥᠪᠯᠡᠬᠦ ᠶᠢ ᠨᠢᠭᠡ ᠴᠣᠭᠴᠠᠵᠢᠭᠤᠯᠤᠭᠰᠠᠨ ︽ᠨᠡᠭᠦᠳᠡᠯ | ᠠᠯᠪᠠᠨ ᠰᠢᠷᠡᠭᠡ︾ ᠶᠢᠨ ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠨᠡᠶᠢᠭᠡᠮ ᠲᠣᠭᠤᠷᠢᠭ ᠤᠨ ᠵᠠᠰᠠᠯᠲᠠ᠂ ᠠᠳᠠᠯ | ᠠᠬᠤᠢ ᠶᠢᠨ ᠬᠠᠮᠢᠶᠠᠷᠤᠯᠲᠠ ᠵᠡᠷᠭᠡ ᠠᠰᠠᠭᠤᠳᠡᠯ ᠤᠨ ᠲᠣᠭᠤᠷᠢᠨ ᠳᠤ ᠬᠡᠷᠡᠭ ᠵᠥᠪᠯᠡᠵᠦ ᠰᠣᠯᠢᠯᠴᠠᠨ᠂ ᠰᠠᠨᠠᠯ ᠴᠤᠭᠯᠠᠭᠤᠯᠬᠤ᠂ | ᠰᠡᠳᠬᠢᠯ ᠤᠨ ᠦᠭᠡ ᠪᠠᠨ ᠶᠠᠷᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠰᠠᠭᠤᠭᠠᠯᠢ ᠠᠷᠠᠳ ᠰᠠᠨᠠᠭᠠᠴᠢᠯᠠᠭ᠎ᠠ ᠠᠴᠠ ᠪᠠᠨ | ᠤᠴᠢᠷ ᠶᠠᠪᠤᠳᠠᠯ ᠢᠶᠠᠨ ᠬᠡᠯᠡᠵᠦ᠂ ᠬᠠᠮᠲᠤ ᠪᠠᠷ ᠬᠡᠷᠡᠭ ᠵᠥᠪᠯᠡᠨ᠂ ᠬᠠᠷᠢᠯᠴᠠᠨ ᠦᠨᠡᠯᠡᠵᠦ᠂ ᠰᠠᠭᠤᠭᠠᠯᠢ ᠠᠷᠠᠳ ᠤᠨ ᠲᠦᠷ | ᠴᠠᠭ ᠤᠨ ᠠᠪᠤᠷᠠᠨ ᠲᠤᠰᠠᠯᠠᠯᠳᠡ᠂ ᠡᠷᠡᠭᠦᠯ ᠬᠠᠮᠠᠭᠠᠯᠠᠯ ᠤᠨ ᠴᠡᠭᠴᠡᠯᠡᠨ ᠵᠠᠰᠠᠯᠲᠠ ᠵᠡᠷᠭᠡ ᠬᠦᠴᠢᠷ ᠠᠰᠠᠭᠤᠳᠠᠯ ᠢ | ᠰᠢᠢᠳᠪᠦᠷᠢᠯᠡᠵᠦ᠂ ᠰᠠᠶᠢᠨ ᠠᠷᠭ᠎ᠠ ᠶᠢ ᠴᠤᠭᠯᠠᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠨᠡᠶᠢᠭᠡᠮ | ᠲᠣᠭᠤᠷᠢᠭ ᠤᠨ ᠵᠠᠰᠠᠯᠲᠠ ᠳᠤ ᠬᠠᠮᠲᠤᠪᠠᠷ ᠣᠷᠣᠯᠴᠠᠭᠤᠯᠪᠠ᠃ ᠡᠭᠦᠨ ᠤ ᠬᠠᠮᠲᠤ᠂ ᠴᠠᠭᠠᠨ ᠰᠠᠷ᠎ᠠ᠂ ᠲᠠᠪᠤᠨ ᠰᠠᠷ᠎ᠠ ᠶᠢᠨ | ᠰᠢᠨ᠎ᠡ ᠶᠢᠨ ᠲᠠᠪᠤᠨ ᠤ ᠪᠠᠶᠠᠷ᠂ ᠨᠠᠢᠮᠠᠨ ᠰᠠᠷ᠎ᠠ ᠶᠢᠨ ᠲᠡᠷᠭᠡᠯ ᠰᠠᠷ᠎ᠡ ᠶᠢᠨ ᠡᠳᠣᠷ ᠵᠡᠷᠭᠡ ᠤᠯᠠᠮᠵᠢᠯᠠᠯᠲᠤ ᠪᠠᠶᠠᠷ ᠤᠨ ᠡᠳᠦᠷ ᠲᠤ | ︽ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ ᠰᠠᠶᠢᠲᠤᠷ ᠶᠠᠷᠢᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠤᠶᠤᠨ ᠰᠠᠨᠠᠭᠠᠨ ᠤ ᠭᠡᠷ ᠣᠷᠣᠨ ᠢ ᠴᠣᠭᠴᠠᠯᠠᠬᠤ︾᠂ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠪᠦᠯᠢ ᠮᠡᠲᠦ | ᠳᠣᠲᠣᠨᠣ ᠪᠠᠶᠢᠵᠤ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ︾ ᠵᠡᠷᠭᠡ ᠭᠤᠣᠯ | ᠰᠡᠳᠦᠪᠲᠦ ᠠᠵᠢᠯᠯᠠᠭ᠎ᠠ ᠶᠢ ᠥᠷᠨᠢᠭᠦᠯᠵᠦ᠂ ᠦᠨᠳᠦᠰᠦᠲᠡᠨ ᠨᠦᠭᠦᠳ ᠤᠨ ᠰᠣᠶᠣᠯ ᠢ ᠨᠡᠶᠢᠭᠡᠮ ᠲᠣᠭᠤᠷᠢᠭ ᠲᠤ | ᠠᠭᠤᠰᠤᠯᠴᠠᠭᠤᠯᠤᠨ ᠬᠠᠷᠢᠯᠴᠠᠨ ᠰᠢᠭᠢᠳᠬᠡᠬᠦ ᠶᠢ ᠠᠬᠢᠭᠤᠯᠪᠠ᠃ | |