ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠵᠤ᠂ ᠠᠷᠠᠳ ᠤᠯᠠᠨ ᠤ ᠠᠮᠢ ᠨᠠᠰᠤ ᠡᠳ᠋ | ᠬᠦᠷᠦᠩᠭᠡ ᠶᠢᠨ ᠠᠮᠤᠷ ᠲᠦᠪᠰᠢᠨ ᠢ ᠬᠠᠮᠠᠭᠠᠯᠠᠵᠤ᠂ ᠠᠮᠤᠷ ᠲᠦᠪᠰᠢᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ | ᠠᠬᠢᠭᠤᠯᠬᠤ ᠶᠢᠨ ᠲᠥᠯᠥᠭᠡ᠂ 12 ᠰᠠᠷ᠎ᠠ ᠶᠢᠨ 16 ᠤ ᠡᠳᠦᠷ᠂ ᠷᠡᠰᠢᠶᠠᠨ ᠬᠤᠳᠡ ᠶᠢᠨ ᠢᠷᠪᠢᠰ ᠵᠡᠭᠡᠯᠢ ᠶᠢᠨ | ᠡᠮᠡᠭᠲᠡᠢᠴᠦᠳ ᠤᠨ ᠬᠤᠯᠪᠣᠭ᠎ᠠ ᠠᠮᠢᠨ ᠬᠡᠷᠡᠭ ᠢ ᠰᠡᠷᠭᠡᠢᠯᠡᠨ ᠡᠵᠡᠮᠳᠡᠬᠦ ᠤᠬᠠᠭᠤᠯᠭ᠎ᠠ ᠶᠢᠨ ᠠᠵᠢᠯ ᠥᠷᠨᠢᠭᠦᠯᠪᠡ᠃ | ᠨᠡᠶᠢᠭᠡᠮ ᠲᠣᠭᠤᠷᠢᠭ ᠤᠨ ᠠᠵᠢᠯᠳᠡᠳ ᠠᠴᠠ ᠪᠣᠳᠡᠳᠣ ᠬᠡᠷᠡᠭ ᠤᠨ ᠵᠢᠱᠢᠶ᠎ᠡ ᠪᠠᠷ ᠬᠠᠤᠯᠢ ᠶᠢ ᠲᠠᠶᠢᠯᠪᠤᠷᠢᠯᠠᠬᠤ᠂ | ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠳᠤᠮᠳᠠᠬᠢ ᠨᠡᠶᠢᠲᠡᠯᠢᠭ ᠬᠡᠷᠡᠭ ᠤᠨ ᠵᠢᠱᠢᠶ᠎ᠡ ᠶᠢ ᠣᠯᠠᠨ ᠲᠦᠮᠡᠨ ᠳᠤ | ᠲᠠᠶᠢᠯᠪᠤᠷᠢᠯᠠᠨ ᠥᠭᠴᠦ᠂ ᠡᠭᠦᠨ ᠳᠤ ᠭᠤᠤᠯᠳᠠᠭᠤ ᠬᠡᠷ ᠪᠦᠯᠢ᠂ ᠣᠷᠤᠭ ᠬᠤᠷᠢᠮ᠂ ᠠᠴᠢᠯᠠᠨ ᠲᠡᠵᠢᠭᠡᠬᠦ ᠵᠡᠷᠭᠡ | ᠵᠦᠷᠢᠴᠠᠯ ᠵᠢᠭᠤᠷᠠᠯᠳᠤᠭᠠᠨ ᠲᠠᠢ ᠠᠰᠠᠭᠤᠳᠠᠯ ᠢᠶᠠᠷ ᠭᠤᠤᠯᠳᠠᠯᠭ᠎ᠠ ᠪᠣᠯᠭᠠᠵᠤ᠂ ᠣᠯᠠᠨ ᠳᠤ ᠬᠡᠷᠡᠭ ᠢᠶᠠᠷ ᠲᠣᠯᠢ | ᠪᠣᠯᠭᠠᠵᠤ᠂ ᠰᠤᠷᠭᠠᠮᠵᠢ ᠠᠪᠬᠤ ᠶᠢ ᠰᠠᠨᠠᠭᠤᠯᠪᠠ᠃ ᠡᠭᠦᠨ ᠤ ᠬᠠᠮᠲᠤ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ | ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠲᠤᠬᠠᠶ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠰᠠᠭᠤᠭᠠᠯᠢ | ᠠᠷᠠᠳ ᠲᠤ ᠠᠮᠢᠨ ᠬᠡᠷᠡᠭ ᠢ ᠰᠡᠷᠭᠡᠶᠢᠯᠡᠬᠦ ᠠᠵᠢᠯ ᠤᠨ ᠲᠤᠬᠠᠶ ᠪᠥᠬᠦ ᠲᠠᠯ᠎ᠠ ᠶᠢᠨ ᠣᠶᠢᠯᠠᠭᠠᠯᠲᠠ ᠪᠠ ᠲᠠᠨᠢᠯᠲᠠ ᠲᠠᠢ | ᠪᠣᠯᠭᠠᠵᠤ᠂ ᠰᠠᠭᠤᠭᠠᠯᠢ ᠠᠷᠠᠳ ᠢ ᠵᠢᠯᠣᠭᠤᠳᠴᠤ ᠪᠠᠶᠢᠭᠠᠳ ᠰᠢᠯᠢᠳᠡᠭ ᠰᠠᠶᠢᠨ ᠭᠡᠷ ᠤᠨ ᠰᠤᠷᠲᠠᠯ ᠢ ᠪᠣᠶ ᠪᠣᠯᠭᠠᠵᠤ᠂ | ᠵᠥᠪ ᠣᠨᠣᠪᠴᠢᠲᠠᠶ ᠤᠷᠤᠭ ᠬᠤᠷᠢᠮ ᠤᠨ ᠦᠵᠡᠯᠲᠡ ᠶᠢ ᠪᠣᠶ ᠪᠣᠯᠭᠠᠵᠤ᠂ ᠣᠯᠠᠨ ᠤ ᠬᠠᠤᠯᠢ ᠶᠢ ᠮᠡᠳᠡᠬᠦ᠂ ᠬᠠᠤᠯᠢ ᠶᠢ | ᠰᠠᠬᠢᠬᠤ᠂ ᠬᠠᠤᠯᠢ ᠶᠢ ᠣᠶᠢᠯᠠᠭᠠᠬᠤ᠂ ᠬᠠᠤᠯᠢ ᠶᠢ ᠬᠡᠷᠡᠭᠯᠡᠬᠦ ᠶᠢ ᠵᠣᠷᠢᠭᠵᠢᠭᠤᠯᠵᠤ᠂ ᠠᠮᠢᠨ ᠬᠡᠷᠡᠭ ᠢ ᠰᠡᠷᠭᠡᠶᠢᠯᠡᠨ | ᠵᠠᠰᠠᠬᠤ ᠠᠵᠢᠯ ᠳᠤ ᠰᠠᠨᠠᠭᠠᠴᠢᠯᠠᠭ᠎ᠠ ᠠᠴᠠ ᠪᠠᠨ ᠣᠷᠣᠯᠴᠠᠬᠤ ᠶᠢ ᠵᠣᠷᠢᠬᠵᠢᠭᠤᠯᠪᠡ᠃ | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠬᠠᠷᠢᠶ᠎ᠠ ᠣᠷᠣᠨ ᠤ ᠵᠡᠭᠡᠯᠢ ᠳᠠᠭᠠᠤ ᠶᠢᠨ | ᠬᠤᠳᠠᠯᠳᠤᠭᠠᠴᠢᠨ ᠡᠷᠦᠬᠡ ᠶᠢ ᠰᠤᠷᠪᠤᠯᠵᠢᠯᠠᠵᠤ᠂ 120 ᠭᠠᠷᠤᠶ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ | ᠰᠠᠭᠤᠭᠠᠯᠢ ᠠᠷᠠᠳ ᠲᠤ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠬᠤ ᠶᠢᠨ ᠴᠢᠬᠤᠯᠠ ᠴᠢᠨᠠᠷ ᠪᠠ ᠵᠠᠶᠢᠯᠠᠰᠢ ᠥᠬᠡᠶ | ᠴᠢᠨᠠᠷ ᠢ ᠭᠦᠢᠴᠡᠳ ᠲᠠᠨᠢᠭᠤᠯᠵᠤ᠂ ᠰᠠᠭᠤᠭᠠᠯᠢ ᠠᠷᠠᠳ ᠤᠨ ᠠᠮᠤᠷ ᠠᠮᠤᠭᠤᠯᠠᠩ ᠨᠡᠶᠢᠭᠡᠮ ᠲᠣᠭᠤᠷᠢᠭ ᠢ ᠡᠭᠦᠳᠦᠨ | ᠪᠠᠶᠢᠭᠤᠯᠬᠤ ᠳᠤ ᠬᠠᠮᠲᠤ ᠪᠠᠷ ᠣᠷᠣᠯᠴᠠᠬᠤ ᠶᠢ ᠵᠣᠷᠢᠭᠵᠢᠭᠤᠯᠵᠤ᠂ ᠬᠠᠷᠢᠶ᠎ᠠ ᠣᠷᠣᠨ ᠤ ᠣᠯᠠᠨ ᠲᠦᠮᠡᠨ ᠤ ᠬᠠᠤᠯᠢ ᠶᠢ | ᠰᠠᠬᠢᠬᠤ ᠤᠬᠠᠮᠰᠠᠷ ᠢ ᠦᠨᠡᠨ ᠬᠦ ᠳᠡᠭᠡᠭᠰᠢᠯᠡᠭᠦᠯᠵᠦ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ | ᠪᠣᠯᠭᠠᠪᠠ᠃ |