ᠷᠠᠰᠢᠶᠠᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠦᠯᠳᠠ ᠶᠢᠨ ᠶᠡᠭᠡ ᠠᠩᠬᠢ ᠠᠮᠦᠷ ᠲᠦᠪᠰᠢᠨ ᠤ ᠪᠠᠶᠢᠴᠠᠭᠠᠯᠳᠠ ᠬᠢᠪᠡ
ᠨᠡᠶᠢᠲᠡᠯᠡᠭᠰᠡᠨ ᠴᠠᠭ᠄
2024/12/17
      ᠨᠡᠶᠢᠬᠡᠮ ᠤᠨ ᠠᠮᠦᠷ ᠲᠤᠬᠳᠠᠭᠤᠨ ᠢ ᠤᠯᠠᠮ ᠨᠢᠬᠡ ᠠᠯᠬᠤᠮ ᠴᠢᠩᠭᠠᠳᠬᠠᠵᠦ᠂ ᠰᠠᠭᠤᠭᠠᠯᠢ ᠠᠷᠠᠳ ᠤᠨ ᠠᠮᠦᠷ ᠲᠦᠪᠰᠢᠨ ᠢᠶᠠᠷ ᠨᠠᠭᠠᠰᠢ ᠴᠠᠭᠠᠰᠢ ᠶᠠᠪᠤᠵᠤ ᠰᠠᠭᠤᠬᠤ ᠶᠢ ᠪᠠᠳᠦᠯᠠᠨ᠂ ᠠᠮᠦᠷ ᠲᠤᠬᠳᠠᠭᠤᠨ ᠵᠠᠮ ᠬᠠᠷᠢᠯᠴᠠᠭᠠᠨ ᠤ ᠤᠷᠴᠢᠨ ᠢ ᠪᠦᠷᠢᠯᠳᠦᠬᠦᠯᠬᠦ ᠶᠢᠨ ᠲᠦᠯᠦᠬᠡ᠂ ᠤᠶᠢᠷ᠎ᠠ ᠳᠤ᠂ ᠷᠠᠰᠢᠶᠠᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ ᠎ᠠ ᠶᠢᠨ ᠵᠠᠮ ᠬᠠᠷᠢᠯᠴᠠᠭᠠᠨ ᠤ ᠬᠠᠮᠢᠶᠠᠷᠦᠯᠳᠠ ᠶᠢᠨ ᠶᠡᠭᠡ ᠠᠩᠬᠢ ᠮᠢᠩ ᠱᠦᠢ ᠬᠢᠯᠢ ᠶᠢᠨ ᠲᠤᠮᠢᠯᠠᠬᠰᠠᠨ ᠰᠠᠯᠪᠦᠷᠢ ᠲᠠᠢ ᠬᠠᠮᠳᠤᠷᠠᠨ ᠪᠦᠬᠦ ᠬᠤᠳᠠ ᠶᠢᠨ ᠬᠡᠪᠴᠢᠶᠡᠨ ᠳᠤ ᠰᠦᠨᠢ ᠶᠢᠨ ᠵᠠᠮ ᠬᠠᠷᠢᠯᠴᠠᠭᠠᠨ ᠤ ᠠᠮᠦᠷ ᠲᠦᠪᠰᠢᠨ ᠤ ᠪᠠᠶᠢᠴᠠᠭᠠᠯᠳᠠ ᠦᠷᠨᠢᠬᠦᠯᠵᠡᠢ᠃      ᠷᠠᠰᠢᠶᠠᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠦᠯᠳᠠ ᠶᠢᠨ ᠶᠡᠭᠡ ᠠᠩᠬᠢ ᠪᠤᠯᠤᠨ ᠮᠢᠩ ᠱᠦᠢ ᠬᠢᠯᠢ ᠶᠢᠨ ᠲᠤᠮᠢᠯᠠᠬᠰᠠᠨ ᠰᠠᠯᠪᠦᠷᠢ ᠶᠢᠨ ᠠᠷᠠᠳ ᠤᠨ ᠴᠠᠬᠳᠠᠭ᠎ᠠ ᠨᠢᠬᠳᠠ ᠬᠠᠮᠵᠢᠯᠴᠠᠨ᠂ ᠨᠠᠭᠠᠰᠢ ᠴᠠᠭᠠᠰᠢ ᠶᠠᠪᠤᠬᠤ ᠮᠠᠰᠢᠨ ᠲᠡᠷᠬᠡᠨ ᠤ ᠠᠷᠦ ᠶᠢᠨ ᠠᠪᠳᠠᠷ᠎ᠠ ᠳᠠᠭᠠᠨ ᠴᠠᠭᠠᠵᠠᠯᠠᠵᠤ ᠪᠠᠶᠢᠭ᠎ᠠ ᠡᠳ᠋ ᠪᠤᠳᠠᠰ ᠬᠠᠳᠠᠭᠠᠯᠠᠵᠦ ᠪᠠᠶᠢᠬᠤ ᠡᠰᠡᠬᠦ ᠶᠢ ᠪᠠᠶᠢᠴᠠᠭᠠᠵᠠᠢ᠃      ᠪᠠᠶᠢᠴᠠᠭᠠᠯᠳᠠ ᠳᠤ ᠠᠷᠠᠳ ᠤᠨ ᠴᠠᠬᠳᠠᠭ᠎ᠠ ᠨᠠᠷ ᠮᠠᠰᠢᠨ ᠲᠡᠷᠬᠡᠨ ᠤ ᠠᠷᠦ ᠶᠢᠨ ᠠᠪᠳᠠᠷ᠎ᠠ ᠲᠤᠳᠤᠷᠠᠬᠢ ᠪᠤᠳᠠᠰ ᠢ ᠨᠢᠬᠡᠳ ᠨᠢᠬᠡ ᠪᠠᠷ ᠪᠠᠶᠢᠴᠠᠭᠠᠵᠦ᠂ ᠴᠠᠭᠠᠵᠠᠯᠠᠵᠤ ᠪᠠᠶᠢᠭ᠎ᠠ ᠪᠤᠳᠠᠰ ᠬᠠᠳᠠᠭᠠᠯᠠᠵᠦ ᠪᠠᠶᠢᠬᠤ ᠡᠰᠡᠬᠦ ᠶᠢ ᠨᠠᠷᠢᠯᠢᠭ ᠪᠠᠶᠢᠴᠠᠭᠠᠵᠦ᠂ ᠮᠠᠰᠢᠨ ᠲᠡᠷᠬᠡᠨ ᠳᠤ ᠠᠮᠦᠷ ᠲᠦᠪᠰᠢᠨ ᠤ ᠬᠡᠮ ᠰᠤᠭᠤᠭ ᠪᠠᠶᠢᠬᠤ ᠦᠭᠡᠢ ᠶᠢ ᠪᠠᠳᠦᠯᠠᠵᠠᠢ᠃ ᠠᠷᠠᠳ ᠤᠨ ᠴᠠᠬᠳᠠᠭ᠎ᠠ ᠨᠠᠷ ᠪᠠᠰᠠ ᠵᠢᠯᠤᠭᠤᠴᠢ ᠨᠠᠷ ᠲᠤ ᠵᠠᠮ ᠬᠠᠷᠢᠯᠴᠠᠭᠠᠨ ᠤ ᠠᠮᠦᠷ ᠲᠦᠪᠰᠢᠨ ᠤ ᠬᠠᠤᠯᠢ ᠲᠦᠷᠢᠮ ᠢ ᠤᠬᠠᠭᠤᠯᠵᠦ᠂ ᠲᠡᠳᠡᠨ ᠢ ᠵᠠᠮ ᠬᠠᠷᠢᠯᠴᠠᠭᠠᠨ ᠤ ᠲᠦᠷᠢᠮ ᠲᠤᠬᠳᠠᠭᠠᠯ ᠢ ᠰᠠᠬᠢᠵᠦ᠂ ᠠᠮᠦᠷ ᠲᠦᠪᠰᠢᠨ ᠢᠶᠠᠷ ᠠᠶᠠᠯᠠᠬᠤ ᠶᠢ ᠰᠠᠨᠠᠭᠤᠯᠵᠠᠢ᠃      ᠷᠠᠰᠢᠶᠠᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠦᠯᠳᠠ ᠶᠢᠨ ᠶᠡᠭᠡ ᠠᠩᠬᠢ ᠨᠢ ᠦᠷᠬᠦᠯᠵᠢᠯᠡᠨ ᠠᠮᠦᠷ ᠲᠦᠪᠰᠢᠨ ᠤ ᠪᠠᠶᠢᠴᠠᠭᠠᠯᠳᠠ ᠶᠢᠨ ᠠᠵᠢᠯᠯᠠᠭ᠎ᠠ ᠦᠷᠨᠢᠬᠦᠯᠵᠦ᠂ ᠨᠡᠶᠢᠬᠡᠮ ᠤᠨ ᠠᠮᠦᠷ ᠲᠤᠬᠳᠠᠭᠤᠨ ᠢ ᠪᠠᠳᠦᠯᠠᠬᠤ ᠶᠢᠨ ᠲᠠᠭᠠᠤ ᠵᠠᠮ ᠬᠠᠷᠢᠯᠴᠠᠭᠠᠨ ᠤ ᠠᠮᠦᠷ ᠲᠦᠪᠰᠢᠨ ᠤ ᠤᠬᠠᠭᠤᠯᠭ᠎ᠠ ᠬᠦᠮᠦᠵᠢᠯ ᠢᠶᠠᠨ ᠴᠢᠩᠭᠠᠳᠬᠠᠵᠦ᠂ ᠬᠤᠳᠠ ᠶᠢᠨ ᠠᠷᠠᠳ ᠤᠨ ᠵᠠᠮ ᠬᠠᠷᠢᠯᠴᠠᠭᠠᠨ ᠤ ᠠᠮᠦᠷ ᠲᠦᠪᠰᠢᠨ ᠤ ᠤᠬᠠᠮᠰᠠᠷ ᠢ ᠲᠡᠭᠡᠭᠰᠢᠯᠡᠬᠦᠯᠵᠦ᠂ ᠬᠠᠷᠢᠶᠠᠳᠤ ᠤᠷᠤᠨ ᠤ ᠤᠯᠠᠨ ᠲᠦᠮᠡᠨ ᠳᠤ ᠠᠮᠦᠷ ᠲᠦᠪᠰᠢᠨ ᠵᠠᠮ ᠬᠠᠷᠢᠯᠴᠠᠭᠠᠨ ᠤ ᠤᠷᠴᠢᠨ ᠢ ᠪᠦᠬᠦ ᠬᠦᠴᠦᠨ ᠢᠶᠠᠷ ᠪᠦᠷᠢᠯᠳᠦᠬᠦᠯᠵᠦ ᠦᠭᠬᠦ ᠪᠠᠷ ᠴᠢᠷᠮᠠᠶᠢᠵᠦ ᠪᠤᠢ᠃  ︵ᠰᠡᠷᠬᠦᠯᠡᠩ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号