2024 — 2025 ᠤᠷᠤᠯᠳᠤᠭᠠᠨ ᠤ ᠤᠯᠠᠷᠢᠯ ᠤᠨ ᠪᠦᠬᠦ ᠤᠯᠤᠰ ᠤᠨ ᠴᠢᠯᠦᠭᠡᠳᠦ ᠴᠠᠨᠠᠯᠠᠯᠳᠠ ᠶᠢᠨ ᠠᠭᠠᠷ ᠤᠨ ᠮᠡᠷᠭᠡᠵᠢᠯ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠦᠨᠳᠦᠷᠯᠡᠪᠡ
ᠨᠡᠶᠢᠲᠡᠯᠡᠭᠰᠡᠨ ᠴᠠᠭ᠄
2024/12/17
     12 ᠰᠠᠷ᠎ᠠ ᠶᠢᠨ 14 ᠤ ᠡᠳᠦᠷ᠂ 2024 — 2025 ᠤᠷᠤᠯᠳᠤᠭᠠᠨ ᠤ ᠤᠯᠠᠷᠢᠯ ᠤᠨ ᠪᠦᠬᠦ ᠤᠯᠤᠰ ᠤᠨ ᠴᠢᠯᠦᠭᠡᠳᠦ ᠴᠠᠨᠠᠯᠠᠯᠳᠠ ᠶᠢᠨ ᠠᠭᠠᠷ ᠤᠨ ᠮᠡᠷᠭᠡᠵᠢᠯ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠬᠢᠩᠭᠠᠨ ᠠᠶᠢᠮᠠᠭ ᠤᠨ ︽ᠲᠤᠮᠤᠭᠳᠦ ᠷᠠᠰᠢᠶᠠᠨ︾ ᠭᠡᠮᠡᠭᠳᠡᠭᠰᠡᠨ ᠷᠠᠰᠢᠶᠠᠨ ᠬᠤᠳᠠ ᠳᠤ ᠦᠨᠳᠦᠷᠯᠡᠪᠡ᠃      ᠬᠤᠷᠴᠠ ᠰᠢᠷᠦᠬᠦᠨ ᠮᠦᠷᠣᠶᠢᠴᠡᠭᠡᠨ ᠢᠶᠠᠷ ᠲᠠᠮᠵᠢᠨ᠂ ᠾᠧᠪᠸᠢ ᠮᠤᠵᠢ ᠶᠢᠨ ᠪᠡᠶ᠎ᠡ ᠶᠢᠨ ᠲᠠᠮᠢᠷ ᠤᠨ ᠲᠤᠪᠴᠢᠶ᠎ᠡ ᠶᠢᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠲᠥᠪ ᠤᠨ ᠠᠩᠭᠢ ᠶᠡᠷᠦᠩᠬᠡᠶ ᠬᠤᠪᠢ ᠨᠢ 266.30 ᠪᠠᠷ ᠮᠠᠩᠯᠠᠶᠢᠯᠠᠪᠠ᠃ ᠴᠠᠩᠴᠦ᠋ᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠠᠮᠢᠶᠠᠷᠤᠯᠲᠠ ᠶᠢᠨ ᠲᠥᠪ ᠤᠨ ᠠᠩᠭᠢ ᠶᠡᠷᠦᠩᠬᠡᠶ ᠬᠤᠪᠢ ᠨᠢ 240.62 ᠢᠶᠠᠷ ᠬᠤᠶᠠᠳᠤᠭᠠᠷ ᠲᠤ ᠣᠷᠣᠵᠤ᠂ ᠰᠧᠴᠤᠸᠠᠨ ᠮᠤᠵᠢ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠪᠣᠯᠤᠨ ᠵᠧᠵᠢᠶᠠᠩ ᠤᠨ ᠪᠡᠶ᠎ᠡ ᠶᠢᠨ ᠲᠠᠮᠢᠷ ᠤᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠤᠯᠪᠣᠭᠠᠲᠤ ᠠᠩᠭᠢ ᠭᠤᠷᠪᠠᠳᠤᠭᠠᠷ ᠲᠤ ᠣᠷᠣᠵᠠᠶ᠃ ᠲᠤᠰ ᠤᠳᠠᠭ᠎ᠠ ᠶᠢᠨ ᠤᠷᠤᠯᠳᠤᠭᠠᠨ ᠳᠤ ᠢᠯᠡ ᠲᠤᠭᠤᠶᠢᠯᠠᠩ ᠤᠨ ᠤᠷᠤᠯᠳᠤᠭᠠᠨ᠂ ᠵᠠᠯᠠᠭᠤᠴᠤᠳ ᠤᠨ ᠲᠤᠭᠤᠶᠢᠯᠠᠩ ᠤᠨ ᠤᠷᠤᠯᠳᠤᠭᠠᠨ ᠲᠤᠬᠢᠷᠠᠭᠤᠯᠪᠠ᠃ ᠮᠦᠭᠳᠡᠨ ᠤ ᠪᠡᠶ᠎ᠡ ᠶᠢᠨ ᠲᠠᠮᠢᠷ ᠤᠨ ᠳᠡᠭᠡᠳᠦ ᠰᠤᠷᠭᠠᠭᠤᠯᠢ ᠶᠢᠨ ᠲᠥᠯᠥᠭᠡᠯᠡᠭᠴᠢᠳ ᠤᠨ ᠠᠩᠭᠢ ᠢᠯᠡ ᠲᠤᠭᠤᠶᠢᠯᠠᠩ ᠤᠨ ᠤᠷᠤᠯᠳᠤᠭᠠᠨ ᠤ ᠡᠮᠡᠭᠲᠡᠶ ᠶᠢᠨ ᠳᠤᠭᠤᠶᠢᠯᠠᠩ᠂ ᠡᠷᠡᠭᠲᠡᠶ ᠶᠢᠨ ᠳᠤᠭᠤᠶᠢᠯᠠᠩ᠂ ᠡᠷᠡᠭᠳᠡᠢ ᠡᠮᠡᠭᠳᠡᠢ ᠬᠠᠮᠳᠤᠷᠠᠭᠰᠠᠨ ᠪᠦᠯᠬᠦᠮ ᠤᠨ ᠤᠷᠤᠯᠳᠤᠭᠠ ᠳᠤ ᠮᠠᠩᠯᠠᠶᠢᠯᠠᠪᠠ᠃ ᠴᠠᠩᠴᠦ᠋ᠨ ᠬᠤᠲᠠ ᠶᠢᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠠᠮᠢᠶᠠᠷᠤᠯᠲᠠ ᠶᠢᠨ ᠲᠥᠪ ᠤᠨ ᠶᠠᠩ ᠢᠦᠶ ᠾᠧᠩ᠂ ᠠᠨᠾᠦ᠋ᠢ ᠶᠢᠨ ᠪᠡᠶ᠎ᠡ ᠶᠢᠨ ᠲᠠᠮᠢᠷ ᠤᠨ ᠰᠡᠯᠡᠮ᠎ᠡ ᠶᠢᠨ ᠤᠷᠤᠯᠳᠤᠭᠠᠨ ᠤ ᠬᠠᠮᠢᠶᠠᠷᠤᠯᠲᠠ ᠶᠢᠨ ᠲᠥᠪ ᠤᠨ ᠹᠧᠩ ᠵᠢᠶᠦ᠋ᠨ ᠰᠢ ᠲᠤᠰ ᠲᠤᠰ ᠡᠷᠡᠭᠲᠡᠶ᠂ ᠡᠮᠡᠭᠲᠡᠶ ᠵᠠᠯᠠᠭᠤᠴᠤᠳ ᠤᠨ ᠲᠤᠭᠤᠶᠢᠯᠠᠩ ᠤᠨ ᠮᠠᠩᠯᠠᠶᠢᠯᠠᠪᠠ᠃ ︵ᠯᠢᠦ ᠶᠧ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号