ᠡᠪᠦᠯ ᠤᠨ ᠤᠯᠠᠷᠢᠯ ᠳᠤ ᠶᠡᠭᠡ ᠴᠠᠰᠤ ᠤᠷᠤᠬᠤ ᠰᠡᠷᠡᠮᠵᠢ ᠶᠢᠨ ᠳᠣᠬᠢᠶ᠎ᠠ ᠶᠢ ᠬᠡᠷᠭᠢᠨ ᠲᠠᠨᠢᠬᠤ ᠪᠤᠢ
ᠨᠡᠶᠢᠲᠡᠯᠡᠭᠰᠡᠨ ᠴᠠᠭ᠄
2024/12/17
      ᠶᠡᠭᠡ ᠴᠠᠰᠤ ᠪᠣᠯ ᠣᠷᠳᠣ ᠬᠤᠭᠤᠴᠠᠭ᠎ᠠ ᠪᠠᠷ ᠴᠠᠰᠤ ᠤᠷᠤᠭᠰᠠᠨ ᠠᠴᠠ ᠪᠣᠯᠵᠣ ᠶᠡᠭᠡ ᠬᠡᠪᠴᠢᠶᠡᠨ ᠤ ᠴᠠᠰᠤ ᠬᠤᠷᠠᠬᠤ ᠨᠢᠭᠡ ᠵᠦᠢᠯ ᠤᠨ ᠪᠠᠶᠢᠭᠠᠯᠢ ᠶᠢᠨ ᠦᠵᠡᠭᠳᠡᠯ ᠪᠣᠯᠤᠨ᠎ᠠ᠂ ᠲᠡᠷᠡ ᠨᠢ ᠦᠷᠭᠦᠯᠵᠢ ᠶᠡᠭᠡ ᠰᠠᠯᠬᠢ ᠰᠠᠯᠬᠢᠯᠠᠵᠤ᠂ ᠠᠭᠤᠷ ᠠᠮᠢᠰᠬᠤᠯ ᠬᠦᠢᠳᠡᠷᠡᠵᠤ᠂ ᠬᠦᠨᠳᠦ ᠨᠣᠴᠢᠲᠠᠶ ᠦᠶ᠎ᠡ ᠳᠤ ᠵᠠᠮ ᠬᠠᠷᠢᠯᠴᠠᠭ᠎ᠠ᠂ ᠮᠡᠳᠡᠭᠡ ᠬᠤᠯᠪᠣᠭ᠎ᠠ᠂ ᠴᠠᠬᠢᠯᠭᠠᠨ ᠬᠦᠷᠭᠡᠬᠦ ᠱᠤᠭᠤᠮ ᠵᠡᠷᠭᠡ ᠶᠢ ᠴᠦ ᠡᠪᠳᠡᠳᠡᠭ᠃      ᠶᠡᠭᠡ ᠴᠠᠰᠤ ᠤᠷᠤᠬᠤ ᠰᠡᠷᠡᠮᠵᠢ ᠶᠢᠨ ᠳᠣᠬᠢᠶ᠎ᠠ ᠶᠢ ᠳᠥᠷᠪᠡᠨ ᠳᠡᠰ ᠬᠤᠪᠢᠶᠠᠵᠤ᠂ ᠳᠣᠤᠷ᠎ᠠ ᠠᠴᠠ ᠥᠨᠳᠥᠷ ᠳᠡᠰᠢ ᠲᠣᠰ ᠲᠣᠰ ᠬᠥᠬᠡ᠂ ᠰᠢᠷ᠎ᠠ᠂ ᠤᠯᠠᠪᠤᠷ᠂ ᠤᠯᠠᠭᠠᠨ ᠭᠡᠵᠦ ᠬᠤᠪᠢᠶᠠᠨ᠎ᠠ᠃      ᠬᠥᠬᠡ ᠥᠩᠭᠡ᠄ 12 ᠴᠠᠭ ᠤᠨ ᠳᠣᠲᠣᠷ᠎ᠠ ᠴᠠᠰᠤᠨ ᠤ ᠬᠡᠮᠵᠢᠶ᠎ᠡ ᠨᠢ 4 ᠮᠢᠯᠢᠮᠧᠲᠷ ᠠᠴᠠ ᠳᠡᠭᠡᠭᠰᠢ ᠳᠤᠯᠵᠤ᠂ ᠵᠠᠮ ᠬᠠᠷᠢᠯᠴᠠᠭ᠎ᠠ ᠪᠤᠶᠤ ᠲᠠᠷᠢᠶᠠᠯᠠᠩ ᠮᠠᠯ ᠠᠵᠤ ᠠᠬᠤᠶ ᠶᠢ ᠨᠥᠯᠥᠭᠡᠯᠡᠵᠦ ᠮᠡᠳᠡᠨ᠎ᠡ᠃      ᠰᠢᠷ᠎ᠠ ᠥᠩᠭᠡ᠄ 12 ᠴᠠᠭ ᠤᠨ ᠳᠣᠲᠣᠷ᠎ᠠ ᠴᠠᠰᠤᠨ ᠤ ᠬᠡᠮᠵᠢᠶ᠎ᠡ ᠨᠢ 6 ᠮᠢᠯᠢᠮᠧᠲᠷ ᠠᠴᠠ ᠳᠡᠭᠡᠭᠰᠢ ᠳᠤᠯᠵᠤ᠂ ᠵᠠᠮ ᠬᠠᠷᠢᠯᠴᠠᠭ᠎ᠠ ᠪᠤᠶᠤ ᠲᠠᠷᠢᠶᠠᠯᠠᠩ ᠮᠠᠯ ᠠᠵᠤ ᠠᠬᠤᠶ ᠶᠢ ᠨᠥᠯᠥᠭᠡᠯᠡᠵᠦ ᠮᠡᠳᠡᠨ᠎ᠡ᠃      ᠤᠯᠠᠪᠤᠷ ᠥᠩᠭᠡ᠄ 6 ᠴᠠᠭ ᠤᠨ ᠳᠣᠲᠣᠷ᠎ᠠ ᠴᠠᠰᠤᠨ ᠤ ᠬᠡᠮᠵᠢᠶ᠎ᠡ ᠨᠢ 10 ᠮᠢᠯᠢᠮᠧᠲᠷ ᠠᠴᠠ ᠳᠡᠭᠡᠭᠰᠢ ᠳᠤᠯᠵᠤ᠂ ᠵᠠᠮ ᠬᠠᠷᠢᠯᠴᠠᠭ᠎ᠠ ᠪᠤᠶᠤ ᠲᠠᠷᠢᠶᠠᠯᠠᠩ ᠮᠠᠯ ᠠᠵᠤ ᠠᠬᠤᠶ ᠳᠤ ᠨᠡᠯᠢᠶᠡᠳ ᠶᠡᠭᠡ ᠨᠥᠯᠥᠭᠡ ᠲᠠᠢ ᠪᠠᠶᠢᠵᠤ ᠮᠡᠳᠡᠨ᠎ᠡ᠃      ᠤᠯᠠᠭᠠᠨ ᠥᠩᠭᠡ᠄ 6 ᠴᠠᠭ ᠤᠨ ᠳᠣᠲᠣᠷ᠎ᠠ ᠴᠠᠰᠤᠨ ᠤ ᠬᠡᠮᠵᠢᠶ᠎ᠡ ᠨᠢ 15 ᠮᠢᠯᠢᠮᠧᠲᠷ ᠠᠴᠠ ᠳᠡᠭᠡᠭᠰᠢ ᠳᠤᠯᠵᠤ᠂ ᠵᠠᠮ ᠬᠠᠷᠢᠯᠴᠠᠭ᠎ᠠ ᠪᠤᠶᠤ ᠲᠠᠷᠢᠶᠠᠯᠠᠩ ᠮᠠᠯ ᠠᠵᠤ ᠠᠬᠤᠶ ᠳᠤ ᠨᠡᠯᠢᠶᠡᠳ ᠶᠡᠭᠡ ᠨᠥᠯᠥᠭᠡ ᠲᠠᠢ ᠪᠠᠶᠢᠵᠤ ᠮᠡᠳᠡᠨ᠎ᠡ᠃      ᠶᠡᠭᠡ ᠴᠠᠰᠤ ᠣᠷᠣᠬᠤ ᠦᠶ᠎ᠡ ᠳᠤ ᠣᠯᠠᠨ ᠢᠶᠠᠷ ᠢᠶᠠᠨ ᠴᠢᠳᠠᠬᠤ ᠶᠢᠨ ᠬᠢᠷᠢ ᠪᠠᠷ ᠭᠠᠳᠠᠭᠰᠢ ᠪᠢᠲᠡᠭᠡᠶ ᠭᠠᠷᠤᠭᠠᠷᠠᠶ᠃ ᠬᠡᠷᠪᠡ ᠵᠠᠪᠠᠯ ᠭᠠᠳᠠᠭᠰᠢ ᠭᠠᠷᠬᠤ ᠳᠤ ᠬᠦᠷᠪᠡᠯ ᠡᠷᠬᠡᠪᠰᠢ ᠬᠦᠢᠲᠡᠨ ᠠᠴᠠ ᠰᠡᠷᠭᠡᠶᠢᠯᠡᠬᠦ᠂ ᠭᠤᠯᠭᠤᠬᠤ ᠠᠴᠠ ᠰᠡᠷᠭᠡᠶᠢᠯᠡᠬᠦ ᠶᠢ ᠠᠩᠬᠠᠷᠴᠤ᠂ ᠵᠠᠮ ᠬᠠᠷᠢᠯᠴᠠᠭᠠᠨ ᠤ ᠰᠤᠷᠠᠭ ᠵᠠᠩᠭᠢ ᠶᠢ ᠠᠩᠬᠠᠷᠴᠤ᠂ ᠲᠡᠷᠭᠡᠨ ᠤ ᠵᠠᠶ ᠶᠢ ᠨᠡᠮᠡᠭᠳᠡᠭᠦᠯᠵᠦ᠂ ᠬᠤᠷᠳᠤᠴᠠ ᠪᠠᠨ ᠤᠳᠠᠭᠠᠰᠢᠷᠠᠭᠤᠯᠤᠨ ᠠᠭᠠᠵᠢᠮ ᠶᠠᠪᠤᠬᠤ ᠬᠡᠷᠡᠭᠲᠡᠶ᠃      ᠬᠢᠩᠭᠠᠨ ᠠᠶᠢᠮᠠᠭ ᠤᠨ ᠴᠠᠭ ᠠᠭᠤᠷ ᠤᠨ ᠲᠣᠪᠴᠢᠶ᠎ᠠ ᠯᠢᠦ ᠶᠠᠩ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号