2024 ᠣᠨ ᠠᠴᠠ ᠨᠠᠰᠢ᠂ ᠷᠡᠰᠢᠶᠠᠨ ᠬᠤᠳᠡ ᠶᠢᠨ ᠸᠧᠨᠴᠢᠤᠸᠠᠨ ᠵᠡᠭᠡᠯᠢ ᠶᠢᠨ ᠾᠧ ᠪᠢᠨ ᠨᠡᠶᠢᠭᠡᠮ | ᠲᠣᠭᠤᠷᠢᠭ ᠤᠨ ᠨᠢᠭᠡ ᠡᠷᠣᠭᠡ ᠨᠢᠭᠡ ᠭᠡᠷ ᠪᠠᠶᠢᠰᠢᠩ ︽ᠾᠧ︾ ᠨᠡᠶᠢᠭᠡᠮ ᠲᠣᠭᠤᠷᠢᠭ ᠤᠨ ᠨᠠᠷᠠᠲᠤ ᠲᠡᠮᠳᠡᠭ ᠢᠶᠠᠷ | ᠨᠠᠷᠡᠯᠡᠭᠰᠠᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ ᠪᠠᠷ ᠪᠠᠶᠢᠭᠤᠯᠵᠤ ᠬᠠᠮᠲᠤ ᠪᠠᠷ ᠰᠤᠷᠤᠯᠴᠠᠬᠤ᠂ | ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠬᠠᠮᠲᠤ ᠪᠠᠷ ᠠᠵᠢᠯᠯᠠᠵᠤ ᠬᠠᠮᠲᠤ ᠪᠠᠷ ᠪᠠᠶᠠᠰᠬᠤ ︽ᠬᠠᠷᠢᠯᠴᠠᠨ | ᠰᠢᠭᠢᠳᠬᠡᠬᠦ ᠮᠠᠶ᠋ᠢᠭ︾ ᠤᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠪᠠᠶᠢᠭᠤᠯᠵᠤ᠂ ᠨᠡᠶᠢᠭᠡᠮ ᠲᠣᠭᠤᠷᠢᠭ ᠤᠨ | ᠵᠠᠰᠠᠯᠲᠠ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠳᠥᠯᠭᠢᠨ ᠠᠬᠢᠭᠤᠯᠵᠤ᠂ ᠨᠡᠶᠢᠭᠡᠮ ᠲᠣᠭᠤᠷᠢᠭ ᠤᠨ | ᠵᠠᠰᠠᠯᠲᠠ ᠶᠢᠨ ᠰᠠᠭᠤᠷᠢ ᠶᠢ ᠬᠦᠴᠦᠲᠡᠶ ᠪᠠᠬᠢᠵᠢᠭᠦᠯᠪᠡ᠃ | ︽ᠮᠥᠰᠥ ᠴᠠᠰᠤᠨ ᠤ ᠤᠯᠠᠷᠢᠯ ᠳᠤ ᠬᠦᠴᠦᠨ ᠨᠡᠮᠡᠷᠢᠯᠡᠬᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠠᠶᠠᠯᠠᠯ ᠳᠤ ᠬᠦᠴᠦᠨ ᠨᠡᠮᠡᠷᠢᠯᠡᠬᠦ︾ ᠭᠤᠤᠯ ᠰᠡᠳᠦᠪᠲᠦ ᠨᠠᠮ ᠤᠨ ᠡᠳᠦᠷ ᠤᠨ ᠪᠡᠶ᠎ᠡ ᠴᠢᠭᠢᠷᠠᠭᠵᠢᠭᠤᠯᠬᠤ | ᠠᠵᠢᠯᠯᠠᠭ᠎ᠠ ᠶᠢ ᠥᠷᠨᠢᠭᠦᠯᠪᠡ᠃ ᠨᠡᠶᠢᠭᠡᠮ ᠲᠣᠭᠤᠷᠢᠭ ᠤᠨ ᠨᠠᠮ ᠣᠯᠠᠨ ᠲᠦᠮᠡᠨ ᠤ ᠠᠵᠢᠯ ᠤᠨ ᠦᠢᠯᠡᠴᠢᠯᠡᠭᠡᠨ ᠤ | ᠲᠥᠪ ᠢᠶᠠᠷ ᠲᠦᠰᠢᠭ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠬᠴᠠᠯᠠᠬᠤ ᠶᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠨᠡᠶᠢᠲᠡ ᠶᠢᠨ ᠭᠡᠷ᠎ᠡ ᠳᠤ ᠠᠭᠤᠰᠤᠯᠴᠠᠭᠤᠯᠬᠤ ᠶᠢ | ᠠᠬᠢᠭᠤᠯᠵᠤ᠂ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠳᠤ ᠠᠭᠤᠰᠤᠯᠴᠠᠭᠤᠯᠣᠨ | ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ 36 ᠤᠳᠠᠭ᠎ᠠ ᠪᠠᠶᠢᠩᠭᠤᠵᠢᠭᠤᠯᠤᠨ | ᠥᠷᠨᠢᠭᠦᠯᠪᠡ᠃ ᠦᠨᠳᠦᠰᠦᠲᠡᠨ ᠨᠦᠭᠦᠳ ᠤᠨ ᠬᠠᠮᠲᠤ ᠪᠠᠷ ᠰᠠᠭᠤᠷᠢᠰᠢᠭᠰᠠᠨ ᠨᠡᠶᠢᠭᠡᠮ ᠲᠣᠭᠤᠷᠢᠭ ᠤᠨ ᠣᠷᠴᠢᠨ | ᠲᠣᠭᠤᠷᠢᠨ ᠢ ᠢᠳᠡᠪᠬᠢᠲᠡᠢ ᠪᠠᠶᠢᠭᠤᠯᠵᠤ᠂ ᠪᠠᠭ᠎ᠠ ᠲᠣᠭᠤᠷᠢᠭ ᠲᠤ ᠦᠨᠳᠦᠰᠦᠲᠡᠨ ᠤ ᠪᠦᠯᠬᠦᠮᠳᠡᠯ ᠤᠨ | ᠤᠬᠠᠭᠤᠯᠭ᠎ᠠ ᠶᠢᠨ ᠪᠤᠯᠤᠩ ᠢ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠤᠨ ᠰᠣᠶᠣᠯ ᠤᠨ ᠤᠷᠳᠤ ᠬᠤᠩᠬᠢᠯ ᠢ ᠪᠠᠲᠤ ᠴᠣᠭᠴᠠᠯᠠᠵᠤ᠂ ᠦᠨᠳᠦᠰᠦᠲᠡᠨ ᠨᠦᠭᠦᠳ ᠤᠨ ᠲᠡᠮᠳᠡᠭ᠂ | ᠡᠯᠧᠮᠧᠨ᠋ᠲ᠂ ᠦᠯᠢᠭᠡᠷ ᠲᠤ ᠰᠢᠭᠢᠳᠴᠦ᠂ ᠦᠨᠳᠦᠰᠦᠲᠡᠨ ᠤ ᠠᠭᠤᠰᠤᠯᠴᠠᠯ ᠤᠨ ᠠᠭᠤᠷ ᠠᠮᠢᠰᠬᠤᠯ ᠢ ᠪᠤᠢ ᠪᠣᠯᠭᠠᠵᠡᠢ | ᠃ | ᠠᠵᠢᠯᠯᠠᠵᠤ ᠪᠠᠶᠢᠭ᠎ᠠ ᠨᠠᠮ ᠤᠨ ᠭᠡᠰᠢᠭᠦᠳ ᠴᠥᠭᠡᠨ ᠲᠣᠭᠠᠲᠤ ᠦᠨᠳᠦᠰᠦᠲᠡᠨ ᠤ ᠰᠠᠭᠤᠭᠠᠯᠢ ᠠᠷᠡᠳ ᠲᠤ | ᠪᠠᠩᠰᠢ ᠬᠦᠷᠭᠡᠵᠣ ᠦᠭᠪᠡ᠃ ︽ᠬᠠᠷᠢᠯᠴᠠᠨ ᠰᠢᠭᠢᠳᠬᠡᠬᠦ ᠮᠠᠶ᠋ᠢᠭ︾ ᠤᠨ ᠨᠡᠶᠢᠭᠡᠮ ᠲᠣᠭᠤᠷᠢᠭ ᠤᠨ ᠪᠦᠲᠦᠭᠡᠨ | ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠰᠤᠷᠤᠯᠴᠠᠬᠤ᠂ ᠤᠬᠠᠭᠤᠯᠬᠤ᠂ ᠬᠡᠷᠡᠭ ᠵᠥᠪᠯᠡᠬᠦ ᠶᠢ ᠨᠢᠭᠡ | ᠴᠣᠭᠴᠠᠵᠢᠭᠤᠯᠤᠭᠰᠠᠨ ︽ᠨᠡᠭᠦᠳᠡᠯ ᠠᠯᠪᠠᠨ ᠰᠢᠷᠡᠭᠡ︾ ᠶᠢᠨ ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠨᠡᠶᠢᠭᠡᠮ | ᠲᠣᠭᠤᠷᠢᠭ ᠤᠨ ᠵᠠᠰᠠᠯᠲᠠ᠂ ᠠᠳᠠᠯ ᠠᠬᠤᠢ ᠶᠢᠨ ᠬᠠᠮᠢᠶᠠᠷᠤᠯᠲᠠ ᠵᠡᠷᠭᠡ ᠠᠰᠠᠭᠤᠳᠡᠯ ᠤᠨ ᠲᠣᠭᠤᠷᠢᠨ ᠳᠤ ᠬᠡᠷᠡᠭ | ᠵᠥᠪᠯᠡᠵᠦ ᠰᠣᠯᠢᠯᠴᠠᠨ᠂ ᠰᠠᠨᠠᠯ ᠴᠤᠭᠯᠠᠭᠤᠯᠬᠤ᠂ ᠰᠡᠳᠬᠢᠯ ᠤᠨ ᠦᠭᠡ ᠪᠠᠨ ᠶᠠᠷᠢᠯᠴᠠᠬᠤ ᠵᠡᠷᠭᠡ ᠬᠡᠯᠪᠡᠷᠢ ᠪᠠᠷ | ᠳᠠᠮᠵᠢᠭᠤᠯᠤᠨ᠂ ᠰᠠᠭᠤᠭᠠᠯᠢ ᠠᠷᠠᠳ ᠰᠠᠨᠠᠭᠠᠴᠢᠯᠠᠭ᠎ᠠ ᠠᠴᠠ ᠪᠠᠨ ᠤᠴᠢᠷ ᠶᠠᠪᠤᠳᠠᠯ ᠢᠶᠠᠨ ᠬᠡᠯᠡᠵᠦ᠂ ᠬᠠᠮᠲᠤ ᠪᠠᠷ | ᠬᠡᠷᠡᠭ ᠵᠥᠪᠯᠡᠨ᠂ ᠬᠠᠷᠢᠯᠴᠠᠨ ᠦᠨᠡᠯᠡᠵᠦ᠂ ᠰᠠᠭᠤᠭᠠᠯᠢ ᠠᠷᠠᠳ ᠤᠨ ᠲᠦᠷ ᠴᠠᠭ ᠤᠨ ᠠᠪᠤᠷᠠᠨ ᠲᠤᠰᠠᠯᠠᠯᠳᠡ᠂ | ᠡᠷᠡᠭᠦᠯ ᠬᠠᠮᠠᠭᠠᠯᠠᠯ ᠤᠨ ᠴᠡᠭᠴᠡᠯᠡᠨ ᠵᠠᠰᠠᠯᠲᠠ ᠵᠡᠷᠭᠡ ᠬᠦᠴᠢᠷ ᠠᠰᠠᠭᠤᠳᠠᠯ ᠢ ᠰᠢᠢᠳᠪᠦᠷᠢᠯᠡᠵᠦ᠂ ᠰᠠᠶᠢᠨ ᠠᠷᠭ᠎ᠠ ᠶᠢ | ᠴᠤᠭᠯᠠᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠨᠡᠶᠢᠭᠡᠮ ᠲᠣᠭᠤᠷᠢᠭ ᠤᠨ ᠵᠠᠰᠠᠯᠲᠠ ᠳᠤ ᠬᠠᠮᠲᠤᠪᠠᠷ | ᠣᠷᠣᠯᠴᠠᠭᠤᠯᠪᠠ᠃ ᠡᠭᠦᠨ ᠤ ᠬᠠᠮᠲᠤ᠂ ᠴᠠᠭᠠᠨ ᠰᠠᠷ᠎ᠠ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ᠂ | ᠨᠠᠢᠮᠠᠨ ᠰᠠᠷ᠎ᠠ ᠶᠢᠨ ᠲᠡᠷᠭᠡᠯ ᠰᠠᠷ᠎ᠡ ᠶᠢᠨ ᠡᠳᠣᠷ ᠵᠡᠷᠭᠡ ᠤᠯᠠᠮᠵᠢᠯᠠᠯᠲᠤ ᠪᠠᠶᠠᠷ ᠤᠨ ᠡᠳᠦᠷ ᠲᠤ ︽ᠦᠨᠳᠦᠰᠦᠲᠡᠨ ᠤ | ᠪᠦᠯᠬᠦᠮᠳᠡᠯ ᠤᠨ ᠦᠯᠢᠭᠡᠷ ᠢ ᠰᠠᠶᠢᠲᠤᠷ ᠶᠠᠷᠢᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ | ᠭᠡᠷ ᠣᠷᠣᠨ ᠢ ᠴᠣᠭᠴᠠᠯᠠᠬᠤ︾᠂ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠪᠦᠯᠢ ᠮᠡᠲᠦ ᠳᠣᠲᠣᠨᠣ | ᠪᠠᠶᠢᠵᠤ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ︾ ᠵᠡᠷᠭᠡ ᠭᠤᠣᠯ | ᠰᠡᠳᠦᠪᠲᠦ ᠠᠵᠢᠯᠯᠠᠭ᠎ᠠ ᠶᠢ ᠥᠷᠨᠢᠭᠦᠯᠵᠦ᠂ ᠦᠨᠳᠦᠰᠦᠲᠡᠨ ᠨᠦᠭᠦᠳ ᠤᠨ ᠰᠣᠶᠣᠯ ᠢ ᠨᠡᠶᠢᠭᠡᠮ ᠲᠣᠭᠤᠷᠢᠭ ᠲᠤ | ᠠᠭᠤᠰᠤᠯᠴᠠᠭᠤᠯᠤᠨ ᠬᠠᠷᠢᠯᠴᠠᠨ ᠰᠢᠭᠢᠳᠬᠡᠬᠦ ᠶᠢ ᠠᠬᠢᠭᠤᠯᠪᠠ᠃ | |