ᠠᠮᠢᠨ ᠬᠡᠷᠡᠭ ᠡᠭᠦᠰᠬᠦ ᠶᠢ ᠪᠦᠲᠦᠮᠵᠢᠲᠡᠶ ᠰᠡᠷᠭᠡᠶᠢᠯᠡᠨ ᠪᠠᠭᠠᠰᠬᠠᠵᠤ᠂ ᠨᠡᠶᠢᠭᠡᠮ ᠲᠣᠭᠤᠷᠢᠭ ᠤᠨ ᠠᠮᠤᠷ ᠲᠦᠪᠰᠢᠨ | ᠲᠣᠭᠲᠠᠭᠤᠨ ᠢ ᠪᠥᠬᠦ ᠬᠦᠴᠦᠨ ᠢᠶᠠᠷ ᠢᠶᠠᠨ ᠬᠠᠮᠠᠭᠠᠯᠠᠬᠤ ᠶᠢᠨ ᠲᠥᠯᠥᠭᠡ᠂ 12 ᠰᠠᠷ᠎ᠠ ᠶᠢᠨ 17 ᠤ ᠡᠳᠦᠷ᠂ | ᠷᠡᠰᠢᠶᠠᠨ ᠬᠤᠳᠡ ᠶᠢᠨ ᠰᠢᠨ ᠴᠧᠩ ᠵᠡᠭᠡᠯᠢ ᠶᠢᠨ ᠾᠧ ᠫᠢᠩ ᠨᠡᠶᠢᠭᠡᠮ ᠲᠣᠭᠤᠷᠢᠭ ᠠᠮᠢᠨ ᠬᠡᠷᠡᠭ ᠢ ᠰᠡᠷᠭᠡᠶᠢᠯᠡᠨ | ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠰᠢᠨ ᠴᠧᠩ ᠵᠡᠭᠡᠯᠢ ᠶᠢᠨ ᠬᠡᠷᠡᠭ | ᠡᠷᠬᠢᠯᠡᠬᠦ ᠭᠠᠵᠠᠷ ᠤᠨ ᠳᠡᠳ᠋ ᠡᠷᠬᠢᠯᠡᠭᠴᠢ᠂ ᠨᠡᠶᠢᠭᠡᠮ ᠲᠣᠭᠤᠷᠢᠭ ᠤᠨ ᠠᠵᠢᠯᠲᠠᠳ ᠲᠤᠰ ᠤᠳᠠᠭᠠᠨ ᠤ ᠬᠤᠷᠠᠯ ᠳᠤ | ᠣᠷᠣᠯᠴᠠᠪᠠ᠃ | ᠬᠤᠷᠠᠯ ᠳᠡᠭᠡᠷ᠎ᠡ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ ᠳᠡᠭᠡᠳᠦ ᠱᠠᠲᠤᠨ ᠤ | ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠠᠮᠢᠨ ᠬᠡᠷᠡᠭ ᠢ | ᠰᠡᠷᠭᠡᠶᠢᠯᠡᠨ ᠡᠵᠡᠮᠳᠡᠬᠦ ᠠᠵᠢᠯ ᠤᠨ ᠲᠤᠯᠭᠠᠮ᠎ᠠ ᠴᠢᠨᠠᠷ ᠪᠣᠯᠤᠨ ᠴᠢᠬᠤᠯᠠ ᠴᠢᠨᠠᠷ ᠢ ᠴᠢᠬᠤᠯᠠᠴᠢᠯᠠᠪᠠ᠃ ᠡᠭᠦᠨ ᠤ | ᠳᠠᠷᠠᠭ᠎ᠠ᠂ ᠬᠤᠷᠠᠯ ᠠᠴᠠ ᠲᠠᠷᠠᠭᠠᠴᠢ ᠶᠢᠨ ᠠᠯᠬᠤᠮ ᠤᠨ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠤᠨ | ᠭᠤᠤᠯᠳᠠᠯᠭ᠎ᠠ ᠲᠠᠢ ᠱᠠᠭᠠᠷᠳᠠᠯᠭ᠎ᠠ ᠶᠢ ᠲᠣᠳᠣᠷᠬᠠᠶ ᠲᠣᠭᠲᠠᠭᠠᠪᠠ᠄ ᠨᠢᠭᠡ ᠳᠤ ᠵᠥᠷᠢᠴᠡᠯ ᠵᠢᠭᠤᠷᠠᠯᠳᠤᠭᠠᠨ ᠢ ᠵᠢᠭᠰᠠᠭᠠᠨ | ᠪᠠᠶᠢᠴᠠᠭᠠᠵᠤ ᠠᠷᠢᠯᠭᠠᠬᠤ ᠠᠵᠢᠯ ᠢ ᠴᠢᠩᠭᠠᠳᠬᠠᠵᠤ᠂ ᠠᠵᠢᠯᠲᠠᠨ᠂ ᠲᠣᠣᠷᠵᠢᠭᠤᠯᠣᠬᠴᠢ ᠶᠢ ᠵᠣᠬᠢᠶᠠᠨ ᠪᠠᠶᠢᠭᠤᠯᠤᠨ | ᠨᠡᠶᠢᠭᠡᠮ ᠲᠣᠭᠤᠷᠢᠭ ᠢᠶᠠᠷ ᠭᠦᠨᠵᠡᠭᠡᠶᠢᠷᠡᠭᠦᠯᠦᠨ᠂ ᠡᠯ᠎ᠡ ᠲᠥᠷᠥᠯ ᠤᠨ ᠬᠡᠷ ᠪᠦᠯᠢ᠂ ᠬᠥᠷᠰᠢ ᠵᠡᠷᠭᠡᠯᠡᠳᠡᠭᠡ ᠶᠢᠨ | ᠵᠥᠷᠢᠴᠡᠯ ᠢ ᠴᠠᠭ ᠲᠤᠬᠠᠶ ᠳᠤᠨᠢ ᠢᠯᠡᠷᠡᠭᠦᠯᠬᠦ ᠶᠢᠨ ᠬᠠᠮᠲᠤ ᠰᠢᠢᠳᠪᠦᠷᠢᠯᠡᠵᠦ᠂ ᠵᠥᠷᠢᠴᠡᠯ ᠵᠢᠭᠤᠷᠠᠯᠳᠤᠭᠠᠨ ᠢ ︽ | ᠪᠠᠭ᠎ᠠ ᠳᠤᠨᠢ ᠢᠯᠡᠷᠡᠭᠦᠯᠵᠦ᠂ ᠡᠷᠲᠡ ᠠᠷᠢᠯᠭᠠᠬᠤ︾ ᠶᠢ ᠦᠨᠡᠨ ᠬᠦ ᠪᠠᠲᠤᠯᠠᠬᠤ ᠭᠡᠷᠡᠭᠳᠡᠢ᠃ ᠬᠤᠶᠠᠷ ᠲᠤ ᠬᠠᠤᠯᠢ ᠪᠠᠷ | ᠵᠠᠰᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠬᠠᠤᠯᠢ ᠴᠠᠭᠠᠵᠠ ᠶᠢᠨ ᠲᠠᠶᠢᠯᠤᠮᠵᠢ ᠬᠢᠬᠦ᠂ ᠤᠬᠠᠭᠤᠯᠭ᠎ᠠ ᠶᠢᠨ | ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠬᠠᠤᠯᠢ ᠴᠠᠭᠠᠵᠠ ᠶᠢᠨ | ᠦᠵᠡᠯ ᠤᠬᠠᠮᠰᠠᠷ ᠪᠠ ᠬᠠᠤᠯᠢ ᠪᠠᠷ ᠵᠠᠰᠠᠬᠤ ᠦᠵᠡᠯᠲᠡ ᠶᠢ ᠳᠡᠭᠡᠭᠰᠢᠯᠡᠭᠦᠯᠵᠦ᠂ ᠰᠠᠭᠤᠭᠠᠯᠢ ᠠᠷᠠᠳ ᠢ ᠵᠢᠯᠣᠭᠤᠳᠴᠤ | ᠪᠠᠶᠢᠭᠠᠳ ᠬᠠᠤᠯᠢ ᠶᠣᠰᠣᠭᠠᠷ ᠠᠰᠠᠭᠤᠳᠠᠯ ᠢ ᠰᠢᠢᠳᠪᠦᠷᠢᠯᠡᠬᠦ ᠭᠡᠷᠡᠭᠳᠡᠢ᠃ ᠭᠤᠷᠪᠠ ᠳᠤ ᠬᠠᠷᠢᠶ᠎ᠠ ᠣᠷᠣᠨ ᠤ ᠪᠠᠨ | ᠨᠡᠭᠦᠳᠡᠯ ᠬᠥᠮᠦᠨ ᠠᠮᠠ᠂ ᠲᠦᠷᠢᠶᠡᠰᠦᠯᠡᠭᠰᠡᠨ ᠭᠡᠷ ᠵᠡᠷᠭᠡ ᠶᠢ ᠵᠢᠭᠰᠠᠭᠠᠨ ᠪᠠᠶᠢᠴᠠᠭᠠᠬᠤ ᠡᠷᠴᠢᠮ ᠢᠶᠠᠨ | ᠴᠢᠩᠭᠠᠷᠠᠭᠤᠯᠵᠤ᠂ ᠭᠤᠣᠯᠳᠠᠯᠭ᠎ᠠ ᠲᠠᠢ ᠬᠥᠮᠦᠰ ᠢ ᠬᠠᠮᠢᠶᠠᠷᠤᠨ ᠡᠵᠡᠮᠳᠡᠬᠦ᠂ ᠢᠯᠠᠩᠭᠤᠶ᠎ᠠ ᠤᠶᠤᠨ ᠮᠡᠳᠡᠷᠡᠯ ᠤᠨ | ᠰᠠᠭᠠᠳ ᠲᠠᠢ ᠡᠪᠡᠳᠴᠢᠲᠡᠨ᠂ ᠨᠡᠶᠢᠭᠡᠮ ᠲᠣᠭᠤᠷᠢᠭ ᠤᠨ ᠵᠠᠯᠠᠷᠠᠭᠤᠯᠤᠭᠴᠢ᠂ ᠬᠡᠷ ᠲᠡᠭᠡᠨ ᠬᠤᠴᠣᠷᠤᠭᠰᠠᠨ ᠬᠡᠤᠬᠡᠳ | ᠵᠡᠷᠭᠡ ᠭᠤᠣᠯᠳᠠᠯᠭ᠎ᠠ ᠲᠠᠢ ᠡᠳᠡᠭᠡᠳ ᠢ ᠲᠣᠭᠲᠠᠮᠠᠯ ᠬᠤᠭᠤᠴᠠᠭ᠎ᠠ ᠲᠠᠢ ᠪᠠᠷ ᠰᠤᠷᠪᠤᠯᠵᠢᠯᠠᠵᠤ᠂ ᠬᠥᠮᠦᠰ ᠤᠨ | ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ | ᠪᠠᠬᠢᠵᠢᠭᠦᠯᠦᠨ᠎ᠡ ᠭᠡᠵᠣ ᠴᠢᠬᠤᠯᠠᠴᠢᠯᠡᠪᠡ᠃ | ᠲᠣᠰ ᠤᠳᠠᠭᠠᠨ ᠤ ᠬᠤᠷᠠᠯ ᠨᠢ ᠨᠡᠶᠢᠭᠡᠮ ᠲᠣᠭᠤᠷᠢᠭ ᠤᠨ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠳᠤ | ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃ ᠰᠢᠨ ᠴᠧᠩ ᠵᠡᠭᠡᠯᠢ ᠶᠢᠨ ᠾᠧ ᠫᠢᠩ ᠨᠡᠶᠢᠭᠡᠮ ᠲᠣᠭᠤᠷᠢᠭ ᠤᠨ ᠬᠢᠨ | ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ | ᠠᠬᠢᠭᠤᠯᠵᠤ᠂ ᠠᠮᠢᠨ ᠬᠡᠷᠡᠭ ᠡᠭᠦᠰᠬᠦ ᠶᠢ ᠡᠬᠢ ᠡᠭᠦᠰᠦᠯ ᠠᠴᠠ ᠨᠢ ᠬᠤᠷᠢᠭᠯᠠᠵᠤ᠂ ᠠᠮᠤᠷ ᠲᠦᠪᠰᠢᠨ ᠡᠶ᠎ᠡ | ᠵᠣᠬᠢᠴᠠᠩᠭᠤᠢ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠵᠤ᠂ ᠬᠠᠷᠢᠶ᠎ᠠ ᠣᠷᠣᠨ ᠤ | ᠰᠠᠭᠤᠭᠠᠯᠢ ᠠᠷᠠᠳ ᠤᠨ ᠠᠮᠢᠳᠤᠷᠠᠯ ᠢ ᠨᠡᠩ ᠰᠠᠨᠠᠭ᠎ᠠ ᠠᠮᠤᠷ᠂ ᠨᠡᠩ ᠰᠠᠨᠠᠭ᠎ᠠ ᠠᠮᠤᠷ ᠪᠣᠯᠭᠠᠨ᠎ᠠ᠃ |