ᠪᠠᠶᠠᠷ ᠤᠨ ᠡᠳᠦᠷ ᠠᠴᠠ ᠡᠮᠦᠨᠡᠬᠢ ᠵᠥᠷᠢᠴᠡᠯ ᠵᠢᠭᠤᠷᠠᠯᠳᠤᠭᠠᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ | ᠠᠵᠢᠯ ᠢ ᠤᠯᠠᠮ ᠨᠢᠭᠡ ᠠᠯᠬᠤᠮ ᠪᠠᠬᠢᠵᠢᠭᠦᠯᠦᠨ ᠥᠷᠨᠢᠭᠦᠯᠬᠦ ᠶᠢᠨ ᠲᠥᠯᠥᠭᠡ᠂ 12 ᠰᠠᠷ᠎ᠠ ᠶᠢᠨ 17 ᠤ ᠡᠳᠦᠷ᠂ | ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠷᠠᠰᠢᠶᠠᠨ ᠬᠤᠪᠢᠶᠠᠷᠢ ᠲᠣᠪᠴᠢᠶ᠎ᠠ ᠶᠢᠨ ᠲᠢᠶᠠᠨ ᡂᠢ ᠲᠣᠮᠢᠯᠠᠭᠰᠠᠨ ᠰᠠᠯᠪᠤᠷᠢ ᠲᠢᠶᠠᠨ ᡂᠢ ᠨᠡᠶᠢᠭᠡᠮ | ᠲᠣᠭᠤᠷᠢᠭ ᠢᠶᠠᠷ ᠬᠦᠷᠴᠦ ᠵᠥᠷᠢᠴᠡᠯ ᠵᠢᠭᠤᠷᠠᠯᠳᠤᠭᠠᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠬᠠᠮᠲᠤᠷᠠᠭᠰᠠᠨ | ᠬᠤᠷᠠᠯ ᠬᠤᠷᠡᠯᠳᠣᠭᠤᠯᠵᠣ᠂ ᠨᠡᠶᠢᠭᠡᠮ ᠲᠣᠭᠤᠷᠢᠭ ᠤᠨ ᠬᠠᠮᠢᠶ᠎ᠠ ᠪᠥᠬᠦᠶ ᠠᠵᠢᠯᠲᠠᠳ ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ᠂ ᠲᠢᠶᠠᠨ ᡂᠢ ᠲᠣᠮᠢᠯᠠᠭᠰᠠᠨ ᠰᠠᠯᠪᠤᠷᠢ ᠶᠢᠨ ᠳᠠᠷᠤᠭ᠎ᠠ ᠸᠠᠩ ᠴᠦᠨ ᠯᠸᠢ ᠣᠳᠣᠬᠠᠨ ᠤ | ᠬᠠᠷᠢᠶ᠎ᠠ ᠣᠷᠣᠨ ᠤ ᠭᠡᠷ ᠤᠨ ᠭᠠᠳᠠᠨᠠᠬᠢ ᠲᠡᠵᠢᠭᠡᠨ ᠦᠷᠡᠵᠢᠭᠦᠯᠬᠦ ᠡᠷᠦᠬᠡ ᠶᠢᠨ ᠠᠮᠤᠷ ᠢ ᠬᠠᠮᠠᠭᠠᠯᠠᠬᠤ ᠪᠠᠶᠢᠳᠠᠯ ᠵᠢᠴᠢ | ᠣᠷᠣᠰᠢᠵᠤ ᠪᠠᠶᠢᠭ᠎ᠠ ᠳᠣᠪᠤᠶᠢᠮ᠎ᠠ ᠠᠰᠠᠭᠤᠳᠠᠯ ᠢ ᠵᠠᠷᠯᠠᠨ ᠮᠡᠳᠡᠭᠳᠡᠵᠦ᠂ ᠬᠤᠷᠠᠯ ᠳᠤ ᠣᠷᠣᠯᠴᠠᠭᠰᠠᠳ ᠲᠤ ᠨᠡᠶᠢᠲᠡᠯᠢᠭ | ᠴᠢᠨᠠᠷᠲᠠᠶ ᠠᠰᠠᠭᠤᠳᠠᠯ ᠪᠣᠯᠤᠨ ᠰᠢᠢᠳᠪᠦᠷᠢᠯᠡᠭᠰᠡᠨ ᠲᠤᠷᠰᠢᠯᠭ᠎ᠠ ᠶᠢ ᠵᠠᠳᠠᠯᠬᠤ ᠶᠢᠨ ᠬᠠᠮᠲᠤ ᠣᠳᠣᠬᠠᠨ ᠤ ᠵᠥᠷᠢᠴᠡᠯ | ᠵᠢᠭᠤᠷᠠᠯᠳᠤᠭᠠᠨ ᠤ ᠣᠯᠠᠨ ᠶᠠᠩᠵᠤᠴᠢᠯᠠᠭᠰᠠᠨ᠂ ᠪᠤᠳᠤᠯᠢᠶᠠᠨᠲᠠᠶ ᠬᠠᠨᠳᠤᠰᠢ ᠢᠯᠡᠷᠡᠵᠦ᠂ ᠡᠯ᠎ᠡ ᠲᠠᠯ᠎ᠠ ᠶᠢᠨ ᠬᠢᠨ | ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠦᠴᠦᠷᠬᠡᠭ ᠶᠡᠭᠡ ᠠᠵᠢᠯ ᠤᠨ ᠬᠠᠮᠳᠣᠷᠡᠯ ᠬᠦᠴᠦᠨ ᠢ ᠪᠤᠢ | ᠪᠣᠯᠭᠠᠵᠤ᠂ ᠵᠥᠷᠢᠴᠡᠯ ᠵᠢᠭᠤᠷᠠᠯᠳᠤᠭᠠᠨ ᠢ ᠬᠠᠮᠲᠤᠪᠠᠷ ᠰᠢᠢᠳᠪᠦᠷᠢᠯᠡᠬᠦ ᠬᠡᠷᠡᠭᠲᠡᠶ ᠭᠡᠪᠠ᠃ | ᠬᠤᠷᠠᠯ ᠠᠴᠠ᠂ ᠨᠢᠭᠡ ᠳᠤ᠂ ᠡᠬᠢ ᠪᠠᠶᠠᠯᠢᠭ ᠤᠨ ᠬᠦᠴᠦᠨ ᠢ ᠠᠭᠤᠰᠤᠯᠴᠠᠭᠤᠯᠬᠤ ᠲᠠᠯ᠎ᠠ ᠪᠠᠷ ᠨᠡᠶᠢᠭᠡᠮ | ᠲᠣᠭᠤᠷᠢᠭ ᠤᠨ ᠡᠮᠦᠨ᠎ᠡ ᠹᠷᠣᠨᠲ ᠤᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠣᠯᠠᠨ ᠲᠠᠯ᠎ᠠ ᠶᠢᠨ | ᠬᠦᠴᠦᠨ ᠴᠢᠳᠠᠯ ᠢ ᠪᠦᠷᠢᠯᠳᠦᠬᠦᠯᠵᠦ᠂ ᠡᠯ᠎ᠡ ᠲᠦᠷᠦᠯ ᠤᠨ ᠵᠦᠷᠢᠴᠡᠯ ᠵᠢᠭᠤᠷᠠᠯᠳᠣᠭᠠᠨ ᠢ ᠬᠠᠮᠲᠤ ᠪᠠᠷ ᠠᠷᠭᠠᠴᠠᠭᠠᠬᠨ | ᠰᠢᠢᠳᠪᠣᠷᠢᠯᠡᠬᠦ ᠭᠡᠷᠡᠭᠳᠡᠢ᠃ ᠬᠤᠶᠠᠷ ᠲᠤ᠂ ᠠᠵᠢᠯ ᠤᠨ ᠲᠣᠭᠲᠠᠴᠠ ᠶᠢ ᠠᠭᠤᠰᠤᠯᠴᠠᠭᠤᠯᠬᠤ ᠲᠠᠯ᠎ᠠ ᠪᠠᠷ᠂ ᠡᠯ᠎ᠡ | ᠰᠠᠯᠠᠭ᠎ᠠ ᠮᠥᠴᠢᠷ ᠤᠨ ᠬᠢᠨ ︽ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠬᠠᠮᠲᠤ ᠪᠠᠷ ᠪᠠᠶᠢᠭᠤᠯᠵᠤ ᠬᠤᠯᠪᠣᠭᠠᠯᠠᠨ᠂ | ᠣᠶᠤᠨᠴᠢ ᠵᠠᠰᠠᠯᠲᠠ ᠶᠢ ᠠᠬᠢᠭᠤᠯᠬᠤ︾ ᠠᠵᠢᠯ ᠤᠨ ᠰᠡᠳᠬᠢᠴᠡ ᠶᠢ ᠪᠠᠷᠢᠮᠲᠠᠯᠠᠵᠤ᠂ ᠬᠠᠷᠢᠶ᠎ᠠ ᠣᠷᠣᠨ ᠤ ᠲᠡᠵᠢᠭᠡᠨ | ᠦᠷᠡᠵᠢᠭᠦᠯᠬᠦ ᠡᠷᠦᠬᠡ ᠶᠢᠨ ᠬᠦᠰᠡᠯ ᠱᠠᠭᠠᠷᠳᠠᠯᠭ᠎ᠠ ᠪᠠ ᠵᠥᠷᠢᠴᠡᠯ ᠵᠢᠭᠤᠷᠠᠯᠳᠤᠭᠠᠨ ᠳᠤ ᠬᠠᠨᠳᠣᠭᠤᠯᠣᠨ ᠬᠠᠮᠲᠤᠷᠠᠨ | ᠠᠵᠢᠯᠯᠠᠬᠤ ᠲᠣᠬᠳᠡᠯᠴᠠᠭᠠ ᠶᠢ ᠪᠦᠷᠢᠯᠳᠣᠬᠦᠯᠵᠣ᠂ ᠬᠠᠷᠢᠭᠤᠴᠠᠯᠭ᠎ᠠ ᠶᠢ ᠪᠦᠬᠦᠨ ᠢ ᠬᠠᠮᠤᠷᠴᠣ᠂ ᠪᠦᠬᠦ ᠲᠠᠯ᠎ᠠ ᠪᠠᠷ | ᠴᠡᠭᠴᠡᠯᠡᠨ ᠵᠠᠰᠠᠬᠤ ᠶᠢ ᠦᠨᠡᠨ ᠬᠦ ᠪᠠᠲᠤᠯᠠᠬᠤ ᠭᠡᠷᠡᠭᠳᠡᠢ᠃ ᠭᠤᠷᠪᠠ ᠳᠤ᠂ ᠬᠠᠮᠲᠤ ᠪᠠᠷ ᠪᠠᠶᠢᠭᠤᠯᠵᠤ ᠬᠠᠮᠲᠤ ᠪᠠᠷ | ᠵᠠᠰᠠᠬᠤ ᠶᠢ ᠪᠠᠷᠢᠮᠲᠠᠯᠠᠬᠤ ᠲᠠᠯ᠎ᠠ ᠪᠠᠷ᠂ ︽ᠣᠷᠳᠣ ᠬᠤᠭᠤᠴᠠᠭᠠᠨ ᠤ ᠪᠦᠲᠦᠮᠵᠢᠲᠡᠶ ᠵᠠᠰᠠᠯᠲᠠ︾ ᠶᠢᠨ ᠰᠢᠨ᠎ᠡ ᠠᠷᠭ᠎ᠠ | ᠵᠠᠮ ᠢ ᠬᠠᠶᠢᠨ ᠰᠦᠪᠡᠭᠴᠢᠯᠡᠵᠦ᠂ ︽ᠵᠥᠷᠢᠴᠡᠯ ᠢ ᠡᠶᠡᠳᠡᠭᠦᠯᠬᠦ︾ ᠪᠠ ︽ᠬᠠᠤᠯᠢ ᠪᠠᠷ ᠵᠠᠰᠠᠬᠤ ᠤᠬᠠᠭᠤᠯᠭ᠎ᠠ︾ ᠶᠢ | ᠨᠢᠭᠲᠠ ᠤᠶᠠᠯᠳᠤᠭᠤᠯᠬᠤ ᠬᠡᠷᠡᠭᠲᠡᠶ᠃ ᠬᠠᠤᠯᠢ ᠴᠠᠭᠠᠵᠠ ᠶᠢᠨ ᠤᠬᠠᠭᠤᠯᠭ᠎ᠠ ᠶᠢᠨ ᠰᠠᠷ᠎ᠠ᠂ ᠴᠢᠬᠤᠯᠠ ᠶᠡᠭᠡ ᠪᠠᠶᠠᠷ ᠤᠨ | ᠡᠳᠦᠷ ᠵᠡᠷᠭᠡ ᠴᠠᠭ ᠲᠣᠬᠢᠶᠠᠯ ᠢ ᠠᠰᠢᠭᠯᠠᠨ᠂ ᠡᠷᠦᠬᠡ ᠪᠠᠷ ᠬᠦᠷᠴᠦ ᠠᠮᠤᠷ ᠲᠦᠪᠰᠢᠨ ᠤ ᠰᠤᠷᠪᠤᠯᠵᠢᠯᠠᠭ᠎ᠠ ᠬᠢᠬᠦ᠂ | ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠢᠬᠦ ᠵᠡᠷᠭᠡ ᠠᠵᠢᠯ ᠢ ᠥᠷᠨᠢᠭᠦᠯᠵᠦ᠂ ᠡᠶᠡᠳᠡᠭᠦᠯᠬᠦ | ᠶᠠᠪᠤᠴᠠ ᠳᠤ ᠬᠠᠤᠯᠢ ᠶᠢ ᠲᠦᠭᠡᠮᠡᠯᠵᠢᠭᠦᠯᠬᠦ᠂ ᠬᠠᠤᠯᠢ ᠶᠢ ᠲᠦᠭᠡᠮᠡᠯᠵᠢᠭᠦᠯᠬᠦ ᠶᠠᠪᠤᠴᠠ ᠳᠤ ᠡᠶᠡᠳᠡᠭᠦᠯᠬᠦ ᠬᠠᠷᠠᠯᠲᠠ ᠶᠢ | ᠪᠡᠶᠡᠯᠡᠭᠦᠯᠬᠦ ᠭᠡᠷᠡᠭᠳᠡᠢ ᠭᠡᠵᠣ ᠴᠢᠬᠤᠯᠠᠴᠢᠯᠡᠪᠡ᠃ |