ᠬᠠᠷᠢᠭᠤᠴᠠᠯᠭ᠎ᠠ ᠶᠢᠨ ᠬᠥᠪᠴᠢ ᠪᠠᠨ ᠢᠮᠡᠬᠳᠡ ᠴᠢᠩᠭᠠᠯᠠᠵᠤ ᠠᠮᠤᠷ ᠲᠦᠪᠰᠢᠨ ᠤ ᠪᠣᠭᠤᠮᠲᠠ ᠶᠢ ᠪᠠᠲᠤ ᠰᠠᠬᠢᠨ᠎ᠠ
ᠨᠡᠶᠢᠲᠡᠯᠡᠭᠰᠡᠨ ᠴᠠᠭ᠄
2024/12/19
    ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠵᠡᠭᠡᠯᠢ ᠶᠢᠨ ︽ᠪᠠᠶᠠᠷ ᠤᠨ ᠡᠳᠦᠷ ᠠᠴᠠ ᠡᠮᠦᠨᠡᠬᠢ︾ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ 12 ᠰᠠᠷ᠎ᠠ ᠶᠢᠨ 18 ᠤ ᠡᠳᠦᠷ᠂ ᠷᠡᠰᠢᠶᠠᠨ ᠬᠤᠳᠡ ᠶᠢᠨ ᠸᠧᠨᠴᠢᠤᠸᠠᠨ ᠵᠡᠭᠡᠯᠢ ᠶᠢᠨ ᠨᠠᠮ ᠤᠨ ᠠᠵᠢᠯ ᠤᠨ ᠵᠦᠪᠯᠡᠯ ᠤᠨ ᠱᠦᠵᠢ ᠯᠢᠶᠠᠩ ᠸᠧᠨ ᠯᠦᠩ᠂ ᠸᠧᠨᠴᠢᠤᠸᠠᠨ ᠵᠡᠭᠡᠯᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠡᠷᠬᠢᠯᠡᠭᠴᠢ ᠪᠠᠢ ᠰᠢᠤ ᠴᠧᠩ ᠨᠠᠷ ᠬᠠᠷᠢᠶ᠎ᠠ ᠣᠷᠣᠨ ᠤ ᠠᠵᠤ ᠠᠬᠤᠶᠢᠯᠠᠯ ᠤᠨ ᠬᠤᠳᠠᠯᠳᠤᠭᠠᠨ ᠤ ᠡᠷᠦᠬᠡ ᠳᠤ ᠭᠡᠮ ᠰᠣᠭᠤᠭ ᠢ ᠵᠢᠭᠰᠠᠭᠠᠨ ᠪᠠᠶᠢᠴᠠᠭᠠᠬᠤ᠂ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠥᠷᠨᠢᠭᠦᠯᠵᠡᠢ᠃    ᠠᠵᠢᠯᠲᠠᠳ ᠲᠤᠬᠠᠶ ᠶᠢᠨ ᠲᠠᠯᠠᠪᠤᠷ ᠲᠤ ᠪᠠᠶᠢᠴᠠᠭᠠᠨ ᠦᠵᠡᠬᠦ᠂ ᠯᠠᠪᠯᠠᠨ ᠠᠰᠠᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠠᠬᠤᠶᠢᠯᠠᠯ ᠤᠨ ᠬᠤᠳᠠᠯᠳᠤᠭᠠᠨ ᠤ ᠡᠷᠦᠬᠡ ᠶᠢᠨ ᠭᠠᠯ ᠤᠨᠲᠠᠷᠠᠭᠠᠬᠤ ᠪᠠᠭᠠᠵᠢ ᠬᠡᠷᠡᠭᠰᠡᠯ᠂ ᠰᠢᠲᠠᠮᠠᠬᠠᠶ ᠬᠡᠶ ᠶᠢᠨ ᠬᠡᠷᠡᠭᠯᠡᠯᠲᠡ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠵᠡᠷᠭᠡ ᠳᠤ ᠪᠠᠶᠢᠴᠠᠭᠠᠯᠲᠠ ᠬᠢᠵᠦ᠂ ᠣᠯᠵᠤ ᠮᠡᠳᠡᠭᠰᠡᠨ ᠳᠠᠯᠳᠠ ᠬᠡᠮ ᠤᠨ ᠠᠰᠠᠭᠤᠳᠠᠯ ᠢ ᠠᠵᠤ ᠠᠬᠤᠶᠢᠯᠠᠯ ᠤᠨ ᠬᠤᠳᠠᠯᠳᠤᠭᠠᠴᠢᠨ ᠡᠷᠦᠬᠡ ᠱᠠᠭᠠᠷᠳᠠᠯᠭ᠎ᠠ ᠶᠣᠰᠣᠭᠠᠷ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠡᠭᠦᠨ ᠤ ᠬᠠᠮᠲᠤ᠂ ᠪᠥᠬᠦ ᠠᠷᠠᠳ ᠤᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠠᠵᠢᠯᠲᠠᠳ ᠪᠠᠰᠠ ᠠᠵᠤ ᠠᠬᠤᠶᠢᠯᠠᠯ ᠤᠨ ᠬᠤᠳᠠᠯᠳᠤᠭᠠᠴᠢᠨ ᠡᠷᠦᠬᠡ ᠶᠢᠨ ᠬᠠᠷᠢᠭᠤᠴᠠᠯᠭᠠᠲᠠᠨ ᠳᠤ ᠭᠠᠯ ᠤᠨᠲᠠᠷᠠᠭᠠᠬᠤ ᠠᠮᠤᠷ ᠲᠦᠪᠰᠢᠨ᠂ ᠠᠶᠤᠯᠬᠦᠢ ᠦᠢᠯᠡᠳᠪᠦᠷᠢᠯᠡᠯ ᠤᠨ ᠮᠡᠳᠡᠯᠭᠡ ᠶᠢ ᠤᠬᠠᠭᠤᠯᠵᠤ᠂ ᠠᠶᠤᠯᠬᠦᠢ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠬᠦᠢ ᠦᠢᠯᠡᠳᠪᠦᠷᠢᠯᠡᠯ ᠤᠨ ᠦᠵᠡᠯ ᠰᠠᠨᠠᠭᠠᠨ ᠤ ᠬᠥᠪᠴᠢ ᠶᠢ ᠴᠢᠩᠭᠠᠯᠠᠵᠤ᠂ ᠳᠠᠯᠳᠠ ᠬᠡᠮ ᠢ ᠦᠨᠡᠨ ᠬᠦ ᠠᠷᠢᠯᠭᠠᠬᠤ ᠬᠡᠷᠡᠭᠲᠡᠶ ᠭᠡᠵᠦ ᠱᠠᠭᠠᠷᠳᠠᠪᠠ᠃    ᠳᠠᠷᠠᠭᠠᠴᠢ ᠶᠢᠨ ᠠᠯᠬᠤᠮ ᠳᠤ᠂ ᠸᠧᠨᠴᠢᠤᠸᠠᠨ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠭᠠᠯ ᠰᠡᠷᠭᠡᠶᠢᠯᠡᠬᠦ ᠠᠮᠤᠷ ᠲᠦᠪᠰᠢᠨ᠂ ᠦᠢᠯᠡᠳᠪᠦᠷᠢᠯᠡᠯ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠪᠣᠯ ᠡᠯ᠎ᠡ ᠵᠦᠢᠯ ᠤᠨ ᠠᠵᠢᠯ ᠤᠨ ᠬᠤᠷᠢᠭ᠎ᠠ ᠱᠤᠭᠤᠮ᠂ ᠤᠯᠠᠭᠠᠨ ᠱᠤᠭᠤᠮ ᠮᠥᠨ᠂ ᠦᠵᠡᠯ ᠰᠠᠨᠠᠭᠠᠨ ᠤ ᠥᠨᠳᠥᠷᠴᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠮᠢᠶᠠᠷᠤᠨ ᠡᠵᠡᠮᠳᠡᠬᠦ ᠭᠤᠣᠯᠳᠠᠯᠭ᠎ᠠ ᠶᠢ ᠳᠤᠪᠤᠶᠢᠯᠭᠠᠵᠤ᠂ ᠰᠡᠷᠭᠡᠶᠢᠯᠡᠨ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠡ᠊ᠨᠳᠡᠯ ᠢ ᠴᠢᠩᠭ᠎ᠠ ᠰᠡᠷᠭᠡᠶᠢᠯᠡᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠲᠣᠣᠷ ᠢ ᠪᠠᠶᠢᠭᠤᠯᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠰᠠᠶᠢᠳᠣᠷ ᠬᠠᠮᠠᠭᠠᠯᠠᠨ᠎ᠠ᠃
 
ᠢᠷᠡᠯᠲᠡ᠄ ᠷᠡᠰᠢᠶᠠᠨ ᠬᠤᠲᠠ ᠶᠢᠨ ᠸᠧᠨᠴᠢᠣᠸᠠᠨ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号