ᠷᠠᠰᠢᠶᠠᠨ ᠬᠤᠳᠠ ᠶᠢᠨ ᠨᠢᠭᠡᠳᠦᠭᠡᠷ ᠪᠠᠭ᠎ᠠ ᠰᠤᠷᠭᠠᠭᠤᠯᠢ ᠣᠯᠣᠰ ᠤᠨ ᠪᠡᠭᠡᠵᠢᠩ ᠰᠢ ᠵᠦᠴᠣᠭᠡ ᠶᠢ ᠰᠤᠷᠭᠠᠭᠤᠯᠢ ᠶᠢᠨ ᠬᠦᠷᠢᠶᠡᠨ ᠳᠤ ᠤᠷᠤᠵᠠᠢ
ᠨᠡᠶᠢᠲᠡᠯᠡᠭᠰᠡᠨ ᠴᠠᠭ᠄
2024/12/19
    ᠷᠡᠰᠢᠶᠠᠨ ᠬᠤᠳᠡ ᠶᠢᠨ ᠨᠢᠭᠡᠳᠣᠭᠡᠷ ᠪᠠᠭ᠎ᠠ ᠰᠣᠷᠭᠠᠭᠤᠯᠢ ᠳᠤ ᠪᠡᠭᠡᠵᠢᠩ ᠰᠢ ᠵᠦᠴᠣᠭᠡ ᠶᠢᠨ ᠪᠦᠯᠬᠦᠮ ︽ᠰᠢ ᠲᠠᠭᠤᠤᠷᠢᠯᠢᠬ ᠢ ᠰᠣᠷᠭᠠᠭᠤᠯᠢ ᠶᠢᠨ ᠬᠦᠷᠢᠶᠠᠨ ᠳᠤ ᠣᠷᠣᠭᠤᠯᠬᠤ︾ ᠶᠡᠷᠦᠩᠭᠡᠶᠢᠯᠡᠭᠰᠡᠨ ᠰᠢᠷᠢᠰ ᠠᠵᠢᠯᠯᠠᠭ᠎ᠠ ᠶᠢ ᠦᠷᠨᠢᠬᠦᠯᠵᠣ ᠰᠢ ᠲᠠᠭᠤᠤᠷᠢᠯᠢᠬ ᠤᠨ ᠣᠷᠠᠯᠢᠭ ᠬᠢᠭᠡᠳ ᠶᠣᠰᠣ ᠮᠣᠷᠡᠯ ᠤᠨ ᠬᠦᠮᠦᠵᠢᠯ ᠵᠢᠴᠢ ᠲᠠᠭᠤᠤ ᠬᠦᠭᠵᠢᠮ᠂ ᠪᠦᠵᠢᠭ᠂ ᠠᠷᠡᠳ ᠤᠨ ᠬᠦᠭᠵᠢᠮ᠂ ᠣᠷᠠᠨ ᠪᠢᠴᠢᠯᠭᠡ ᠵᠡᠷᠭᠡ ᠠᠯᠢ ᠣᠯᠡᠨ ᠡᠷᠳᠡᠮ ᠰᠢᠨᠵᠢᠯᠡᠭᠡᠨ ᠢ ᠠᠭᠤᠰᠣᠯᠴᠠᠭᠤᠯᠵᠦ᠂ ᠪᠠᠭᠰᠢ ᠰᠣᠷᠣᠠᠠᠴᠢᠳ ᠢ ᠵᠢᠯᠥᠭᠤᠳᠴᠥ ᠪᠠᠶᠢᠭᠠᠳ ᠲᠣᠮᠳᠠᠳᠣ ᠶᠢᠨ ᠰᠢᠯᠢᠳᠡᠭ ᠣᠯᠠᠮᠵᠢᠯᠠᠯᠳᠦ ᠰᠣᠶᠣᠯ ᠢ ᠪᠠᠳᠡᠷᠡᠭᠤᠯᠵᠦ᠂ ᠣᠯᠥᠰ ᠤᠨ ᠴᠣᠯ ᠪᠡᠭᠡᠵᠢᠩ ᠰᠢ ᠵᠦᠴᠣᠭᠡ ᠶᠢᠨ ᠣᠷᠠᠯᠢᠭ ᠢ ᠣᠯᠠᠮᠵᠢᠯᠠᠨ ᠵᠠᠯᠭᠠᠮᠵᠢᠯᠠᠭᠤᠯᠬᠤ ᠲᠣᠬᠠᠢ ᠰᠠᠭᠤᠷᠢ ᠲᠠᠯᠪᠢᠬᠰᠠᠨ ᠪᠠᠶᠢᠨ᠎ᠠ᠃    12 ᠰᠠᠷ᠎ᠠ ᠶᠢᠨ 17 ᠤ ᠡᠳᠦᠷ ᠤᠨ ᠦᠳᠡ ᠶᠢᠨ ᠬᠤᠶᠢᠨ᠎ᠠ᠂ ᠷᠠᠰᠢᠶᠠᠨ ᠬᠤᠳᠠ ᠶᠢᠨ ᠨᠢᠬᠡᠳᠦᠬᠡᠷ ᠪᠠᠭ᠎ᠠ ᠰᠤᠷᠭᠠᠭᠤᠯᠢ ᠶᠢᠨ ᠲᠠᠭᠤᠤ ᠬᠦᠭᠵᠢᠮ ᠤᠨ ᠠᠩᠬᠢ ᠶᠢᠨ ᠬᠡᠷ ᠲᠤ᠂ ᠭᠠᠷᠠᠭ ᠪᠦᠷᠢ ᠶᠢᠨ ᠪᠡᠬᠡᠵᠢᠩ ᠰᠢ ᠵᠦᠴᠣᠭᠡ ᠶᠢᠨ ᠪᠦᠯᠬᠦᠮ ᠤᠨ ᠠᠵᠢᠯᠯᠠᠭ᠎ᠠ ᠨᠢ ᠬᠡᠵᠢᠶᠡᠳᠡ ᠰᠤᠷᠤᠭᠴᠢ ᠶᠢᠨ ᠪᠠᠭ᠋ᠠᠷᠬᠠᠯ ᠢ ᠳᠠᠳᠠᠵᠤ᠂ ᠵᠢᠭᠠᠨ ᠵᠢᠯᠤᠭᠤᠳᠤᠭᠴᠢ ᠯᠢᠦ ᠶᠢᠩ ᠶᠢᠩ ᠰᠤᠷᠤᠭᠴᠢᠳ ᠢᠶᠠᠨ ᠳᠠᠭᠠᠭᠤᠯᠤᠨ ᠰᠤᠷᠤᠯᠴᠠᠭᠤᠯᠵᠤ᠂ ᠬᠡᠥᠬᠡᠳ ᠦᠪᠡᠷ ᠤᠨ ᠤᠶᠢᠯᠠᠭᠠᠯᠳᠠ ᠪᠠ ᠰᠤᠨᠢᠷᠬᠠᠯ ᠢᠶᠠᠨ ᠦᠨᠳᠦᠰᠦᠯᠡᠨ᠂ ︽ᠠᠯᠠᠭ ᠴᠢᠷᠠᠶᠢᠳᠣ︾᠂ ︽  ᠭᠡᠭᠡᠨᠴᠢᠷ ᠡᠭᠡᠮᠣᠭ᠍ᠳᠡᠨ︾᠂ ︽ᠵᠠᠯᠠᠭᠤ ᠪᠦᠰᠠᠳᠡᠨ︾ ᠵᠡᠷᠬᠡ ᠲᠦᠷᠢ ᠶᠢ ᠰᠤᠩᠭᠤᠵᠤ᠂  ᠤᠷᠠᠨ ᠰᠠᠶᠢᠬᠠᠨ ᠲᠦᠷᠢ ᠲᠦᠷᠬᠦ ᠪᠠᠨ ᠱᠤᠭᠤᠵᠤ᠂ ᠡᠬᠡ ᠤᠯᠤᠰ ᠤᠨ ᠢᠶᠠᠨ ᠤᠷᠠᠨ ᠰᠠᠶᠢᠬᠠᠨ ᠤ ᠷᠢᠳᠢ ᠰᠢᠳᠢ ᠶᠢ ᠢᠯᠡᠷᠡᠬᠦᠯᠵᠤ᠂ ᠰᠣᠷᠭᠠᠭᠤᠯᠢ ᠶᠢᠨ ᠬᠡᠥᠬᠡᠳ‌‍ᠣᠳ ᠪᠡᠬᠡᠵᠢᠩ ᠰᠢ ᠵᠦᠴᠣᠭᠡ  ᠰᠣᠷᠬᠤ ᠳᠤ ᠰᠠᠭᠤᠷᠢ ᠲᠠᠯᠪᠢᠵᠣ ᠦᠭᠴᠠᠢ᠃    ᠲᠠᠨᠢᠯᠴᠠᠭᠤᠯᠤᠭᠰᠠᠨ ᠢᠶᠠᠷ᠂ ᠣᠶᠢᠷ᠎ᠠ ᠶᠢᠨ ᠵᠢᠯ ᠳᠤ᠂ ᠷᠠᠰᠢᠶᠠᠨ ᠬᠤᠲᠠ ᠶᠢᠨ ᠨᠢᠭᠡᠳᠦᠭᠡᠷ ᠪᠠᠭ᠎ᠠ ᠰᠤᠷᠭᠠᠭᠤᠯᠢ ᠰᠢᠨ᠎ᠡ ᠬᠢᠴᠢᠶᠡᠯ ᠤᠨ ᠣᠶᠢᠯᠠᠭᠠᠭᠳᠠᠬᠤᠨ ᠢᠶᠠᠷ ᠵᠢᠯᠣᠭᠤᠳᠣᠯᠭ᠎ᠠ ᠪᠣᠯᠭᠠᠵᠤ᠂ ᠪᠡᠭᠡᠵᠢᠩ ᠰᠢ ᠵᠦᠴᠦᠭᠡ ᠶᠢᠨ ᠪᠦᠯᠬᠦᠮ ᠤᠨ ᠵᠢᠭᠠᠨ ᠰᠤᠷᠭᠠᠯᠲᠠ ᠶᠢᠨ ᠰᠢᠨ᠎ᠡ ᠵᠠᠭᠪᠤᠷ ᠢ ᠢᠳᠡᠪᠬᠢᠲᠡᠶ ᠬᠠᠶᠢᠨ ᠰᠦᠪᠡᠭᠴᠢᠯᠡᠵᠦ᠂ ᠪᠡᠭᠡᠵᠢᠩ ᠰᠢ ᠵᠦᠴᠦᠭᠡ ᠶᠢᠨ ᠰᠤᠷᠭᠠᠭᠤᠯᠢ ᠶᠢᠨ ᠬᠦᠷᠢᠶᠡᠨ ᠳᠤ ᠣᠷᠣᠬᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠣ᠂ ᠨᠠᠩ ᠴᠤ ᠵᠣᠷᠢᠭ ᠰᠠᠨᠠᠭ᠎ᠠ ᠶᠢ ᠳᠠᠮᠵᠢᠭᠤᠯᠵᠤ᠂ ᠰᠤᠷᠤᠭᠴᠢᠳ ᠲᠤ ᠤᠯᠤᠰ ᠤᠨ ᠤᠷᠠᠯᠢᠭ ᠤᠨ ᠷᠢᠳᠢ ᠰᠢᠳᠢ ᠶᠢ ᠮᠡᠳᠡᠷᠡᠭᠦᠯᠵᠦ᠂  ᠲᠠᠳᠡᠨᠡᠷ ᠢ ᠥᠪᠡᠷ ᠤᠨ ᠪᠠ ᠰᠣᠶᠣᠯ ᠤᠨ ᠰᠣᠯᠢᠯᠴᠠᠭ᠎ᠠ ᠪᠠᠨ ᠳᠡᠯᠭᠡᠨ ᠦᠵᠡᠭᠦᠯᠬᠦ ᠲᠠᠪᠴᠠᠩ ᠬᠠᠩᠭᠠᠭᠰᠠᠨ ᠪᠠᠶᠢᠨ᠎ᠠ᠃
 
ᠢᠷᠡᠯᠲᠡ᠄ ᠷᠡᠰᠢᠶᠠᠨ ᠬᠤᠳᠡ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号