12 ᠰᠠᠷ᠎ᠠ ᠶᠢᠨ 12 ᠤᠨ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ | ᠬᠤᠲᠠ ᠶᠢᠨ ᠳᠠᠷᠤᠭ᠎ᠠ ᠪᠠᠷ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠡᠷᠬᠢᠮᠳᠣ ᠡᠤ ᠴᠠ ᠭᠸᠦ ᠣᠶ ᠰᠢᠭᠤᠶ ᠶᠢᠨ | ᠲᠣᠪᠴᠢᠶ᠎ᠠ ᠪᠠᠷ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠵᠤ᠂ ᠡᠤ | ᠴᠠ ᠭᠸᠦ ᠣᠶ ᠰᠢᠭᠤᠶ ᠶᠢᠨ ᠲᠣᠪᠴᠢᠶ᠎ᠠ ᠵᠢᠴᠢ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠵᠡᠷᠭᠡ ᠬᠠᠮᠢᠶ᠎ᠠ | ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠡᠯ ᠳᠤ ᠣᠷᠣᠯᠴᠠᠪᠡ᠃ | ᠡᠷᠬᠢᠮᠳᠣ ᠦ᠋ ᠴᠠ ᠭᠸᠤ ᠤᠢ ᠰᠢᠭᠤᠢ ᠶᠢᠨ ᠲᠤᠪᠴᠢᠶ᠎ᠠ ᠶᠢᠨ ᠤᠯᠠᠨ ᠵᠢᠯ ᠤᠨ ᠲᠤᠷᠰᠢ ᠬᠦᠢᠳᠡᠨ ᠤᠰᠤᠨ ᠤ | ᠵᠢᠭᠠᠰᠤ᠂ ᠢᠳᠡᠰᠢᠨ ᠮᠥᠬᠦ᠂ ᠬᠤᠰᠤ ᠮᠣᠳᠣᠨ ᠤ ᠰᠢᠭᠦᠰᠦ᠂ ᠬᠢᠲᠠᠳ ᠡᠮ ᠤᠨ ᠮᠠᠲ᠋ᠧᠷᠢᠶᠠᠯ ᠵᠡᠷᠭᠡ ᠤᠢ ᠶᠢᠨ | ᠬᠤᠷᠮᠣᠢ ᠶᠢᠨ ᠠᠵᠤ ᠠᠬᠤᠢ ᠶᠢᠨ ᠠᠵᠤ ᠦᠢᠯᠡᠰ ᠤᠨ ᠲᠦᠷᠦᠯ ᠵᠦᠢᠯ ᠳᠤ ᠣᠯᠤᠭᠰᠠᠨ ᠢᠯᠡᠳᠲᠡ ᠠᠮᠵᠢᠯᠲᠠ ᠶᠢ | ᠨᠤᠲᠠᠯᠠᠬᠤ ᠶᠢᠨ ᠬᠠᠮᠲᠤ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠰᠡᠳᠬᠢᠴᠡ ᠪᠠᠨ | ᠨᠢᠭᠡᠳᠭᠡᠵᠣ᠂ ᠤᠢ ᠶᠢᠨ ᠬᠤᠷᠮᠣᠢ ᠶᠢᠨ ᠠᠵᠤ ᠠᠬᠤᠢ ᠶᠢ ᠪᠦᠬᠦ ᠬᠦᠴᠦᠨ ᠢᠶᠠᠷ ᠢᠶᠠᠨ ᠬᠥᠭᠵᠢᠭᠦᠯᠵᠦ᠂ ᠤᠢ ᠶᠢᠨ | ᠬᠤᠷᠮᠣᠢ ᠶᠢᠨ ᠠᠵᠢᠯ ᠢ ᠪᠤᠵᠠᠭᠠᠶᠢᠷᠠᠭᠤᠯᠵᠤ᠂ ᠠᠮᠢ ᠠᠬᠤᠢ ᠶᠢᠨ ᠠᠵᠤ ᠦᠢᠯᠡᠰ ᠤᠨ ᠬᠤᠣᠰ ᠠᠮᠵᠢᠯᠲᠠ ᠶᠢ | ᠴᠢᠷᠮᠠᠶᠢᠨ ᠪᠡᠶᠡᠯᠡᠭᠦᠯᠵᠦ᠂ ᠬᠥᠬᠡᠮᠳᠦᠭ ᠨᠣᠭᠤᠭᠠᠨ ᠠᠭᠤᠯᠠ ᠤᠰᠤ ᠶᠢ ᠠᠯᠳᠠ ᠮᠥᠩᠭᠦᠨ ᠠᠭᠤᠯᠠ ᠪᠣᠯᠭᠠᠬᠤ | ᠬᠡᠷᠡᠭᠲᠡᠢ᠃ ᠵᠠᠬ᠎ᠠ ᠳᠡᠯᠭᠡᠭᠦᠷ ᠲᠤ ᠰᠠᠭᠤᠷᠢᠯᠠᠨ ᠵᠠᠮ ᠶᠢ ᠦᠷᠭᠡᠳᠭᠡᠨ ᠨᠡᠭᠡᠭᠡᠵᠦ᠂ ᠮᠠᠨ ᠤ ᠬᠤᠳᠠ ᠶᠢᠨ ᠤᠢ | ᠰᠢᠭᠤᠢ ᠶᠢᠨ ᠡᠬᠢ ᠪᠠᠶᠠᠯᠢᠭ ᠢ ᠭᠦᠢᠴᠡᠳ ᠠᠭᠤᠳᠠᠯᠵᠤ᠂ ᠬᠦᠢᠳᠡᠨ ᠤᠰᠤᠨ ᠤ ᠵᠢᠭᠠᠰᠤ᠂ ᠬᠤᠰᠣ ᠮᠣᠳᠣᠨ ᠤ | ᠰᠢᠭᠦᠰᠦ ᠵᠡᠷᠭᠡ ᠬᠠᠯᠠᠮᠰᠢᠯ ᠲᠦᠷᠦᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠯᠵᠢᠶᠠᠴᠢᠨ ᠤᠷᠢᠵᠤ ᠪᠡᠯᠡ | ᠮᠦᠩᠬᠦ ᠣᠷᠣᠭᠤᠯᠣᠨ ᠠᠪᠴᠢᠷᠡᠬᠤ ᠡᠷᠴᠢᠮ ᠢᠶᠠᠨ ᠴᠢᠩᠭᠠᠷᠠᠭᠤᠯᠵᠤ᠂ ᠭᠤᠣᠯᠯᠠᠬᠤ ᠠᠵᠤ ᠦᠢᠯᠡᠰ ᠤᠨ ᠲᠦᠷᠦᠯ | ᠵᠦᠢᠯ᠂ ᠭᠠᠵᠠᠷ ᠣᠷᠣᠨ᠂ ᠣᠷᠴᠢᠨ ᠲᠣᠭᠤᠷᠢᠨ ᠪᠣᠯᠤᠨ ᠰᠣᠶᠣᠯ ᠤᠨ ᠡᠬᠢ ᠪᠠᠶᠠᠯᠢᠭ ᠢ ᠲᠠᠰᠤᠷᠠᠯᠲᠠ ᠦᠭᠡᠢ | ᠭᠦᠨᠵᠡᠭᠡᠢ ᠠᠭᠤᠰᠤᠯᠴᠠᠭᠤᠯᠵᠤ᠂ ᠣᠷᠣᠨ ᠪᠦᠰᠡ ᠶᠢᠨ ᠵᠦᠷᠢᠶᠡᠲᠦ ᠳᠡᠭᠡᠳᠦ ᠲᠡᠰ ᠤᠨ ᠲᠦᠷᠦᠯ ᠲᠡᠮᠳᠡᠭ ᠢ | ᠢᠳᠡᠪᠬᠢᠲᠡᠢ ᠪᠤᠶᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠤᠨ ᠳᠠᠷᠠᠭ᠎ᠠ᠂ ᠪᠠᠰᠠ ᠦ᠋ ᠴᠠ ᠭᠸᠤ ᠪᠠᠯᠭᠠᠰᠤᠨ ᠤ 2025 ᠣᠨ ᠳᠤ ᠬᠡᠷᠡᠭᠵᠢᠭᠦᠯᠦᠭᠰᠡᠨ ᠴᠢᠬᠤᠯᠠ | ᠶᠡᠭᠡ ᠲᠦᠷᠦᠯ ᠵᠦᠢᠯ᠂ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠢᠯ ᠢ ᠪᠦᠲᠦᠮᠵᠢᠲᠡᠢ ᠵᠣᠯᠭᠠᠭᠤᠯᠬᠤ ᠵᠡᠷᠭᠡ ᠠᠵᠢᠯ ᠤᠨ ᠲᠣᠭᠤᠷᠢᠨ ᠳᠤ ᠪᠠᠶᠢᠴᠠᠭᠠᠨ | ᠰᠤᠳᠤᠯᠤᠯᠲᠠ ᠬᠢᠵᠡᠢ᠃ |