ᠷᠠᠰᠢᠶᠠᠨ ᠬᠤᠳᠠ ᠶᠢᠨ ᠮᠦᠰᠦ ᠴᠠᠰᠤᠨ ᠤ ᠤᠯᠠᠷᠢᠯ ᠤᠨ ᠨᠠᠶᠢᠷ ᠨᠠᠭᠠᠳᠤᠮ ᠤᠨ ᠬᠦᠭᠵᠢᠶᠡᠨᠳᠠᠢ ᠰᠠᠶᠢᠬᠠᠨ | ᠶᠠᠪᠤᠬᠳᠠᠬᠤ ᠶᠢ ᠪᠠᠳᠤᠯᠠᠬᠤ ᠪᠠᠷ᠂ ᠤᠶᠢᠷ᠎ᠠ ᠶᠢᠨ ᠡᠳᠦᠷ ᠷᠠᠰᠢᠶᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠠᠴᠠ ᠡᠪᠤᠯ ᠤᠨ ᠤᠯᠠᠷᠢᠯ ᠤᠨ ᠵᠢᠭᠤᠯᠴᠢᠯᠠᠯ ᠤᠨ ᠦᠢᠯᠡᠰ ᠢ ᠪᠦᠬᠦ ᠳᠠᠯ᠎ᠠ ᠪᠠᠷ ᠪᠠᠳᠤᠯᠠᠨ ᠬᠠᠮᠠᠭᠠᠯᠠᠬᠤ | ᠠᠵᠢᠯᠯᠠᠭ᠎ᠠ ᠦᠷᠨᠢᠬᠦᠯᠵᠦ᠂ ᠠᠮᠤᠷ ᠢ ᠬᠠᠮᠠᠭᠠᠯᠠᠬᠤ ᠡᠯ᠎ᠠ ᠳᠠᠯ᠎ᠠ ᠶᠢᠨ ᠠᠵᠢᠯ ᠢ ᠵᠤᠬᠢᠰᠳᠠᠢ ᠳᠤᠬᠢᠷᠠᠭᠤᠯᠤᠨ | ᠨᠠᠶᠢᠳᠠᠪᠤᠷᠢᠵᠢᠭᠤᠯᠤᠬᠰᠠᠨ ᠪᠠᠶᠢᠨ᠎ᠠ᠃ | ᠷᠠᠰᠢᠶᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︽ᠡᠪᠦᠯ ᠤᠨ ᠤᠯᠠᠷᠢᠯ ᠤᠨ ᠠᠵᠢᠯᠯᠠᠭ᠎ᠠ︾ ᠶᠢᠨ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ᠂ ᠴᠣᠬᠢᠯᠲᠠ ᠥᠭᠬᠦ ᠪᠠ ᠰᠡᠷᠭᠡᠶᠢᠯᠡᠬᠦ ᠠᠵᠢᠯ ᠢ ᠨᠢᠭᠡ | ᠴᠣᠭᠴᠠᠵᠢᠭᠤᠯᠤᠨ ᠠᠬᠢᠭᠤᠯᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠡᠷᠬᠢᠨ ᠲᠣᠭᠤᠷᠢᠨ᠂ ᠬᠤᠳᠠᠯᠳᠤᠭᠠᠨ ᠤ | ᠵᠡᠭᠡᠯᠢ᠂ ᠠᠮᠲᠠᠲᠤ ᠢᠳᠡᠭᠡᠨ ᠤ ᠵᠡᠭᠡᠯᠢ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠬᠠᠭᠤᠷᠮᠠᠭ ᠮᠠᠭᠤ ᠢᠳᠡᠭᠡᠨ ᠦᠢᠯᠡᠳᠴᠦ | ᠪᠣᠷᠣᠯᠠᠭᠤᠯᠬᠤ ᠮᠡᠳᠦ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ ᠠᠩᠬᠠᠷᠴᠤ᠂ | ᠵᠢᠭᠤᠯᠴᠢᠯᠠᠬᠴᠢᠳ ᠤᠨ ᠡᠷᠬᠡ ᠳᠤ ᠬᠠᠯᠳᠠᠭᠰᠠᠨ ᠬᠠᠭᠤᠷᠮᠠᠭ ᠮᠠᠭᠤ ᠬᠤᠪᠴᠠᠰᠤ ᠬᠤᠨᠠᠷ᠂ ᠴᠠᠰᠤᠨ ᠳᠤ ᠭᠤᠯᠭᠤᠬᠤ ᠬᠡᠷᠡᠭᠰᠡᠯ | ᠂ ᠷᠠᠰᠢᠶᠠᠨ ᠤ ᠣᠨᠴᠠ ᠭᠠᠷᠤᠯᠲᠠ ᠵᠡᠷᠭᠡ ᠵᠢᠭᠤᠯᠴᠢᠯᠠᠯ ᠤᠨ ᠦᠢᠯᠡᠳᠬᠦᠨ ᠪᠤᠷᠤᠯᠠᠭᠤᠯᠬᠤ ᠵᠡᠷᠬᠡ ᠲᠠᠯ᠎ᠠ ᠪᠠᠷ ᠤᠷᠤᠰᠢᠵᠦ | ᠪᠠᠶᠢᠭ᠎ᠠ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠪᠡ᠃ | ︽ᠴᠠᠭᠳᠠᠭ᠎ᠠ ᠨᠥᠬᠦᠷ ᠡ᠂ ᠪᠢ ᠵᠢᠭᠤᠯᠴᠢᠯᠠᠯ ᠤᠨ ᠭᠠᠵᠠᠷ ᠠᠴᠠ ᠣᠷᠣᠰ ᠮᠠᠶ᠋ᠢᠬ ᠤᠨ ᠪᠠᠭᠤᠳᠠᠯ ᠵᠠᠬᠢᠶᠠᠯᠠᠪᠠ᠂ | ᠭᠡᠳᠡᠯ᠎ᠠ ᠤᠷᠤᠵᠦ ᠰᠠᠭᠤᠬᠤ ᠦᠶ᠎ᠠ ᠳᠤ ᠨᠠᠳᠠ ᠳᠤ ᠡᠪ ᠡᠩ ᠤᠨ ᠦᠷᠦᠭᠡ ᠳᠤᠬᠢᠷᠠᠭᠤᠯᠤᠨ ᠦᠭᠴᠡᠢ ᠁︾ ᠭᠡᠵᠦ | ᠵᠢᠭᠤᠯᠴᠢᠯᠠᠬᠴᠢ ᠵᠤᠤ ᠠᠪᠠᠭ᠋ᠠᠢ ᠵᠢᠭᠤᠯᠴᠢᠯᠠᠯ ᠤᠨ ᠭᠠᠵᠠᠷ ᠤᠨ ᠬᠢᠨ ᠢ ᠵᠢᠭᠤᠯᠴᠢᠯᠠᠬᠴᠢᠳ ᠢ ᠮᠡᠭᠡᠯᠡᠵᠤ ᠪᠠᠶᠢᠨ᠎ᠠ ᠭᠡᠵᠤ | ᠴᠠᠬᠳᠠᠭ᠎ᠠ ᠳᠤ ᠭᠡᠷᠡᠭ ᠮᠡᠳᠡᠬᠦᠯᠪᠡ᠃ ᠬᠠᠷᠢᠶᠠᠳᠦ ᠤᠷᠤᠨ ᠤ ᠳᠤᠳᠤᠭᠠᠳᠦ ᠶᠢ ᠬᠠᠮᠠᠭᠠᠯᠠᠬᠤ ᠰᠠᠯᠪᠤᠷᠢ ᠶᠢᠨ ᠴᠠᠬᠳᠠᠭ᠎ᠠ ᠳᠡᠷᠡ | ᠳᠠᠷᠤᠢ ᠳᠤᠨᠢ ᠳᠤᠬᠠᠢ ᠶᠢᠨ ᠭᠠᠵᠠᠷ ᠢᠶᠠᠷ ᠬᠦᠷᠴᠦ ᠪᠠᠶᠢᠳᠡᠯ ᠢ ᠤᠶᠢᠯᠠᠭᠠᠨ᠂ ᠭᠡᠷᠡᠭ ᠤᠴᠢᠷ ᠢ ᠰᠶᠢᠳᠪᠦᠷᠢᠯᠡᠭᠰᠡᠨ ᠪᠠᠶᠢᠨ᠎ᠠ᠃ | ᠤᠶᠢᠯᠠᠭᠠᠬᠰᠠᠨ ᠢᠶᠠᠷ᠂ ᠤᠷᠴᠢᠮᠬᠠᠨ ᠷᠠᠰᠢᠶᠠᠨ ᠬᠤᠳᠠ ᠶᠢᠨ ᠵᠢᠭᠤᠯᠴᠢᠯᠠᠬᠴᠢᠳ ᠤᠯᠠᠰᠢᠷᠠᠬᠤ ᠶᠢ ᠳᠠᠭᠠᠯᠳᠤᠨ ᠵᠤᠴᠢᠳ ᠤᠨ | ᠪᠠᠭᠤᠳᠠᠯ ᠡᠷᠢᠬᠦ ᠳᠤ ᠬᠦᠴᠢᠷᠳᠡᠢ ᠪᠣᠯᠵᠣ᠂ ᠬᠠᠨᠭ᠍ᠭᠠᠯᠭ᠎ᠠ ᠨᠢ ᠭᠡᠷᠡᠭᠴᠡᠭᠡ ᠳᠡᠭᠡᠨ ᠬᠦᠷᠬᠦ ᠦᠭᠡᠢ ᠪᠠᠶᠢᠳᠡᠯ ᠢᠯᠡᠷᠡᠭᠰᠡᠨ ᠪᠠᠶᠢᠨ᠎ᠠ | ᠃ ᠴᠠᠬᠳᠠᠭ᠎ᠠ ᠶᠢᠨ ᠵᠤᠬᠢᠴᠠᠭᠤᠯᠭ᠎ᠠ ᠪᠠᠷ᠂ ᠵᠢᠭᠤᠯᠴᠢᠯᠠᠯ ᠤᠨ ᠭᠠᠵᠠᠷ ᠤᠨ ᠠᠵᠢᠯᠳᠡᠨ ᠵᠤᠤ ᠠᠪᠠᠭ᠋ᠠᠢ ᠶᠢᠨ ᠱᠠᠭᠠᠷᠳᠠᠯᠭ᠎ᠠ ᠪᠠᠷ | ᠭᠦᠢᠴᠡᠳᠭᠡᠵᠤ᠂ ᠪᠠᠰᠠ ᠭᠡᠰᠡᠭ ᠵᠠᠷᠤᠳᠠᠯ ᠢ ᠨᠢ ᠬᠢᠮᠳᠠᠷᠠᠭᠤᠯᠵᠦ ᠦᠭᠬᠦᠭᠰᠡᠨ ᠪᠠᠶᠢᠨ᠎ᠠ᠃ | ᠵᠥᠷᠢᠴᠡᠯ ᠵᠢᠭᠤᠷᠠᠯᠳᠤᠭᠠᠨ ᠢ ᠢᠳᠡᠪᠬᠢᠲᠡᠢ ᠰᠢᠢᠳᠪᠦᠷᠢᠯᠡᠵᠦ᠂ ᠵᠢᠭᠤᠯᠴᠢᠯᠠᠬᠴᠢᠳ ᠤᠨ ᠠᠰᠢᠭ ᠲᠤᠰᠠ ᠶᠢ ᠦᠨᠡᠨᠬᠦ | ᠬᠠᠮᠠᠭᠠᠯᠠᠬᠤ ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠵᠢᠯᠯᠠᠭ᠎ᠠ ᠶᠢ | ᠬᠠᠮᠠᠭᠠᠯᠠᠬᠤ ᠶᠢᠨ ᠴᠢᠬᠤᠯᠠ ᠨᠢᠭᠡᠨ ᠠᠵᠢᠯ ᠪᠤᠯᠤᠨ᠎ᠠ᠃ ᠷᠠᠰᠢᠶᠠᠨ ᠬᠤᠳᠠ ᠶᠢᠨ ᠲᠤᠳᠤᠭᠠᠳᠤ ᠶᠢ ᠬᠠᠮᠠᠭᠠᠯᠠᠬᠤ | ᠪᠠᠶᠢᠭᠤᠯᠭ᠎ᠠ ᠠᠴᠠ ᠬᠤᠳᠠ ᠶᠢᠨ ᠰᠤᠶᠤᠯ ᠵᠢᠭᠤᠯᠴᠢᠯᠠᠯ᠂ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠤᠯᠳᠠ ᠵᠡᠷᠭᠡ ᠡᠭᠦᠷᠭᠡ | ᠴᠢᠳᠠᠪᠬᠢᠳᠦ ᠰᠠᠯᠠᠭ᠎ᠠ ᠮᠦᠴᠢᠷ ᠲᠠᠢ ᠬᠠᠮᠳᠤᠷᠠᠨ ᠵᠢᠭᠤᠯᠴᠢᠯᠠᠯ ᠤᠨ ᠵᠠᠬ᠎ᠠ ᠲᠡᠯᠬᠡᠬᠦᠷ ᠤᠨ ᠡᠮᠬᠢ ᠲᠢᠭᠯᠢᠮ ᠢ ᠡᠪᠳᠡᠭᠰᠡᠨ | ᠬᠠᠤᠯᠢ ᠶᠢ ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ᠵᠢᠭᠤᠯᠴᠢᠯᠠᠬᠴᠢᠳ ᠪᠠ ᠠᠵᠤ | ᠠᠬᠤᠶᠢᠯᠠᠯ ᠤᠨ ᠬᠠᠤᠯᠢ ᠶᠤᠰᠤᠨ ᠤ ᠡᠷᠭᠡ ᠠᠰᠢᠭ ᠢ ᠡᠷᠡᠰ ᠬᠠᠮᠠᠭᠠᠯᠠᠵᠦ ᠪᠤᠢ᠃ | ᠡᠭᠦᠨ ᠠᠴᠠ ᠭᠠᠳᠠᠨ᠎ᠠ᠂ ᠵᠢᠭᠤᠯᠴᠢᠯᠠᠯ ᠤᠨ ᠭᠠᠵᠠᠷ ᠲᠤ ᠨᠢᠰᠭᠡᠯ ᠤᠨ ᠪᠢᠯᠧᠲ ᠢᠶᠠᠨ ᠪᠤᠴᠠᠭᠠᠬᠤ ᠪᠠ ᠥᠭᠡᠷᠡᠴᠢᠯᠡᠬᠦ᠂ | ᠬᠢᠮᠳᠠ ᠦᠨ᠎ᠡ ᠲᠠᠢ ᠵᠢᠭᠤᠯᠴᠢᠯᠠᠯ ᠤᠨ ᠪᠦᠯᠬᠦᠮ᠂ ᠬᠢᠮᠳᠠ ᠦᠨ᠎ᠠ ᠶᠢᠨ ᠵᠣᠴᠢᠳ ᠤᠨ ᠪᠠᠭᠤᠳᠠᠯ ᠢ ᠣᠷᠣᠯᠠᠨ ᠵᠠᠬᠢᠶᠠᠯᠠᠬᠤ | ᠵᠡᠷᠭᠡ ᠣᠯᠠᠨ ᠡᠭᠦᠰᠴᠦ ᠮᠡᠳᠡᠬᠦ ᠮᠡᠬᠡᠯᠡᠯ ᠤᠨ ᠠᠵᠢᠯᠯᠠᠭ᠎ᠠ ᠳᠤ ᠨᠠᠷᠢᠯᠢᠭ ᠣᠨᠣᠴᠠᠲᠠᠶ ᠴᠤᠬᠢᠯᠳᠠ ᠦᠭᠬᠦ ᠠᠵᠢᠯᠯᠠᠭ᠎ᠠ | ᠥᠷᠨᠢᠭᠦᠯᠪᠡ᠃ | 12 ᠰᠠᠷ᠎ᠠ ᠶᠢᠨ 2 ᠤᠨ ᠡᠳᠦᠷ᠂ ᠷᠠᠰᠢᠶᠠᠨ ᠬᠤᠳᠠ ᠶᠢᠨ ᠠᠭᠠᠷ ᠤᠨ ᠳᠤᠯᠠᠭᠠᠨ ᠲᠡᠭ ᠠᠴᠠ ᠳᠣᠷᠣᠭᠰᠢ 31 | ᠭᠷᠠᠳᠦ᠋ᠰ ᠬᠦᠷᠴᠤ᠂ ᠬᠤᠪᠧᠢ ᠮᠣᠵᠢ ᠶᠢᠨ ᠼᠠᠢ ᠠᠪᠤᠭᠠᠢ ᠷᠠᠰᠢᠶᠠᠨ ᠬᠤᠳᠡᠠ ᠳᠠᠬᠢ ᠵᠢᠭᠤᠯᠴᠢᠯᠠᠯ ᠢᠶᠠᠨ ᠳᠠᠭᠤᠰᠬᠠᠵᠤ᠂ | ᠪᠤᠴᠠᠬᠤ ᠦᠶᠡᠰ ᠮᠠᠰᠢᠨ ᠳᠡᠷᠭᠡ ᠨᠢ ᠡᠪᠳᠡᠷᠡᠵᠦ ᠶᠠᠭᠠᠬᠢᠬᠰᠠᠨ ᠴᠣ ᠬᠦᠳᠡᠯᠵᠦ ᠳᠡᠶᠢᠯᠬᠦ ᠦᠭᠡᠢ ᠪᠤᠯᠪᠠ᠃ ᠴᠠᠭᠳᠠᠨ | ᠲᠣᠭᠤᠷᠢᠵᠤ ᠪᠠᠶᠢᠭᠰᠠᠨ ᠠᠷᠠᠳ ᠤᠨ ᠴᠠᠭᠳᠠᠭ᠎ᠠ ᠡᠨᠡᠬᠦ ᠪᠠᠶᠢᠳᠡᠯ ᠢ ᠮᠡᠳᠡᠭᠰᠡᠨ ᠤ ᠳᠠᠷᠠᠭ᠎ᠠ᠂ ᠰᠠᠨᠠᠭᠠᠴᠢᠯᠠᠭ᠎ᠠ ᠠᠴᠠ ᠪᠠᠨ ᠼᠠᠢ | ᠠᠪᠤᠭᠠᠢ ᠶᠢ ᠬᠠᠪᠰᠤᠷᠤᠨ ᠰᠡᠯᠪᠢᠨ ᠵᠠᠰᠠᠵᠦ ᠦᠭᠪᠡ᠃ ᠼᠠᠢ ᠠᠪᠤᠭᠠᠢ᠄ ︽ᠭᠡᠳᠦ᠋ᠢᠪᠡᠷ ᠷᠠᠰᠢᠶᠠᠨ ᠤ ᠠᠭᠤᠷ ᠠᠮᠢᠰᠬᠤᠯ | ᠬᠦᠢᠲᠡᠨ ᠪᠣᠯᠪᠠᠴᠤ ᠴᠠᠬᠳᠠᠭ᠎ᠠ ᠨᠠᠷ ᠤᠨ ᠦᠢᠯᠡᠴᠢᠯᠡᠭᠡ ᠬᠠᠯᠠᠭᠤᠬᠠᠨ ᠁︾ ᠭᠡᠵᠦ ᠷᠠᠰᠢᠶᠠᠨ ᠬᠤᠳᠠ ᠶᠢᠨ | ᠳᠤᠳᠤᠭᠠᠳᠦ ᠶᠢ ᠬᠠᠮᠠᠭᠠᠯᠠᠬᠤ ᠴᠠᠬᠳᠠᠭ᠎ᠠ ᠨᠠᠷ ᠤᠨ ᠦᠢᠯᠡ ᠠᠵᠢᠯᠯᠠᠭ᠎ᠠ ᠶᠢ ᠮᠠᠬᠳᠠᠨ ᠰᠠᠶᠢᠰᠢᠶᠠᠵᠤ ᠪᠠᠶᠢᠯ᠎ᠠ᠃ | ᠡᠬᠦᠨ ᠤ ᠵᠡᠷᠭᠡ ᠪᠠᠷ᠂ ᠷᠠᠰᠢᠶᠠᠨ ᠬᠤᠳᠠ ᠶᠢᠨ ᠳᠤᠳᠤᠭᠠᠳᠦ ᠶᠢ ᠬᠠᠮᠠᠭᠠᠯᠠᠬᠤ ᠳᠤᠪᠴᠢᠶ᠎ᠠ ᠶᠢᠨ ᠠᠷᠠᠳ ᠤᠨ ᠴᠠᠬᠳᠠᠭ᠎ᠠ | ᠮᠦᠰᠦ ᠴᠠᠰᠤᠨ ᠳᠤ ᠬᠠᠰᠢᠬᠳᠠᠬᠰᠠᠨ ᠳᠡᠷᠭᠡ ᠬᠦᠰᠭᠡ ᠶᠢ ᠠᠪᠤᠷᠠᠨ ᠲᠤᠰᠠᠯᠠᠬᠤ᠂ ᠲᠦᠭᠡᠷᠢᠭᠰᠡᠨ ᠵᠢᠭᠤᠯᠴᠢᠯᠠᠭᠴᠢᠳ ᠢ | ᠠᠪᠤᠷᠠᠨ ᠳᠤᠰᠠᠯᠠᠬᠤ᠂ ᠭᠡᠭᠡᠭᠰᠡᠨ ᠡᠳ᠋ ᠪᠣᠳᠠᠰ ᠢ ᠡᠷᠢᠬᠦ ᠁ ᠭᠡᠬᠦ ᠮᠡᠳᠦ ᠶᠢᠨ ᠦᠢᠯᠡᠴᠢᠯᠡᠭᠡ ᠳᠤᠰᠠᠯᠠᠮᠵᠢ ᠬᠠᠨᠭ᠍ᠭᠠᠵᠦ᠂ | ᠵᠢᠭᠤᠯᠴᠢᠯᠠᠬᠴᠢᠳ ᠤᠨ ᠠᠮᠢ ᠨᠠᠰᠦ ᠡᠳ᠋ ᠬᠦᠷᠦᠩᠭᠡ ᠶᠢᠨ ᠠᠮᠤᠷ ᠲᠦᠪᠰᠢᠨ ᠳᠤ ᠬᠦᠴᠦᠳᠠᠢ ᠪᠠᠳᠤᠯᠠᠭ᠎ᠠ ᠬᠠᠨᠭ᠍ᠭᠠᠬᠰᠠᠭᠠᠷ | ᠢᠷᠡᠵᠠᠢ᠃ | ᠷᠠᠰᠢᠶᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠠᠷᠢᠨ ᠨᠢᠮᠪᠠᠶ᠂ ᠨᠠᠷᠢᠯᠢᠭ ᠤᠨᠤᠴᠠᠳᠠᠢ ᠠᠵᠢᠯ ᠤᠨ | ᠰᠤᠷᠲᠠᠯ ᠢᠶᠠᠷ ᠪᠦᠬᠦ ᠬᠤᠳᠠ ᠶᠢᠨ ᠵᠢᠭᠤᠯᠴᠢᠯᠠᠯ ᠤᠨ ᠦᠢᠯᠡᠰ ᠤᠨ ᠤᠷᠳᠦ ᠬᠤᠭᠤᠴᠠᠭᠠᠨ ᠤ ᠬᠦᠭᠵᠢᠯᠳᠠ ᠶᠢ ᠪᠠᠳᠤᠯᠠᠵᠤ | ᠪᠤᠢ᠃ ᠬᠤ᠋ ᡁᠢ ᠮᠢᠨ ᠼᠦᠢ ᠸᠧᠨ ᠪᠢᠨ ᠮᠡᠳᠡᠭᠡᠯᠡᠪᠡ |