ᠷᠠᠰᠢᠶᠠᠨ ᠬᠤᠳᠠ ᠶᠢᠨ ᠳᠤᠳᠤᠭᠠᠳᠦ ᠶᠢ ᠬᠠᠮᠠᠭᠠᠯᠠᠬᠤ ᠪᠠᠶᠢᠭᠤᠯᠭ᠎ᠠ ᠮᠦᠰᠦ ᠴᠠᠰᠤᠨ ᠤ ᠤᠯᠠᠷᠢᠯ ᠤᠨ ᠠᠮᠤᠷ ᠢ ᠬᠠᠮᠠᠭᠠᠯᠠᠬᠤ ᠠᠵᠢᠯ ᠢ ᠰᠠᠶᠢᠳᠤᠷ ᠪᠤᠢ
ᠨᠡᠶᠢᠲᠡᠯᠡᠭᠰᠡᠨ ᠴᠠᠭ᠄
2024/12/20
     ᠷᠠᠰᠢᠶᠠᠨ ᠬᠤᠳᠠ ᠶᠢᠨ ᠮᠦᠰᠦ ᠴᠠᠰᠤᠨ ᠤ ᠤᠯᠠᠷᠢᠯ ᠤᠨ ᠨᠠᠶᠢᠷ ᠨᠠᠭᠠᠳᠤᠮ ᠤᠨ ᠬᠦᠭᠵᠢᠶᠡᠨᠳᠠᠢ ᠰᠠᠶᠢᠬᠠᠨ ᠶᠠᠪᠤᠬᠳᠠᠬᠤ ᠶᠢ ᠪᠠᠳᠤᠯᠠᠬᠤ ᠪᠠᠷ᠂ ᠤᠶᠢᠷ᠎ᠠ ᠶᠢᠨ ᠡᠳᠦᠷ ᠷᠠᠰᠢᠶᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠡᠪᠤᠯ ᠤᠨ ᠤᠯᠠᠷᠢᠯ ᠤᠨ ᠵᠢᠭᠤᠯᠴᠢᠯᠠᠯ ᠤᠨ ᠦᠢᠯᠡᠰ ᠢ ᠪᠦᠬᠦ ᠳᠠᠯ᠎ᠠ ᠪᠠᠷ ᠪᠠᠳᠤᠯᠠᠨ ᠬᠠᠮᠠᠭᠠᠯᠠᠬᠤ ᠠᠵᠢᠯᠯᠠᠭ᠎ᠠ ᠦᠷᠨᠢᠬᠦᠯᠵᠦ᠂ ᠠᠮᠤᠷ ᠢ ᠬᠠᠮᠠᠭᠠᠯᠠᠬᠤ ᠡᠯ᠎ᠠ ᠳᠠᠯ᠎ᠠ ᠶᠢᠨ ᠠᠵᠢᠯ ᠢ ᠵᠤᠬᠢᠰᠳᠠᠢ ᠳᠤᠬᠢᠷᠠᠭᠤᠯᠤᠨ ᠨᠠᠶᠢᠳᠠᠪᠤᠷᠢᠵᠢᠭᠤᠯᠤᠬᠰᠠᠨ ᠪᠠᠶᠢᠨ᠎ᠠ᠃    ᠷᠠᠰᠢᠶᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︽ᠡᠪᠦᠯ ᠤᠨ ᠤᠯᠠᠷᠢᠯ ᠤᠨ ᠠᠵᠢᠯᠯᠠᠭ᠎ᠠ︾ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ᠂ ᠴᠣᠬᠢᠯᠲᠠ ᠥᠭᠬᠦ ᠪᠠ ᠰᠡᠷᠭᠡᠶᠢᠯᠡᠬᠦ ᠠᠵᠢᠯ ᠢ ᠨᠢᠭᠡ ᠴᠣᠭᠴᠠᠵᠢᠭᠤᠯᠤᠨ ᠠᠬᠢᠭᠤᠯᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠡᠷᠬᠢᠨ ᠲᠣᠭᠤᠷᠢᠨ᠂ ᠬᠤᠳᠠᠯᠳᠤᠭᠠᠨ ᠤ ᠵᠡᠭᠡᠯᠢ᠂ ᠠᠮᠲᠠᠲᠤ ᠢᠳᠡᠭᠡᠨ ᠤ ᠵᠡᠭᠡᠯᠢ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠬᠠᠭᠤᠷᠮᠠᠭ ᠮᠠᠭᠤ ᠢᠳᠡᠭᠡᠨ ᠦᠢᠯᠡᠳᠴᠦ ᠪᠣᠷᠣᠯᠠᠭᠤᠯᠬᠤ ᠮᠡᠳᠦ ᠶᠢᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ ᠠᠩᠬᠠᠷᠴᠤ᠂ ᠵᠢᠭᠤᠯᠴᠢᠯᠠᠬᠴᠢᠳ ᠤᠨ ᠡᠷᠬᠡ ᠳᠤ ᠬᠠᠯᠳᠠᠭᠰᠠᠨ ᠬᠠᠭᠤᠷᠮᠠᠭ ᠮᠠᠭᠤ ᠬᠤᠪᠴᠠᠰᠤ ᠬᠤᠨᠠᠷ᠂ ᠴᠠᠰᠤᠨ ᠳᠤ ᠭᠤᠯᠭᠤᠬᠤ ᠬᠡᠷᠡᠭᠰᠡᠯ᠂ ᠷᠠᠰᠢᠶᠠᠨ ᠤ ᠣᠨᠴᠠ ᠭᠠᠷᠤᠯᠲᠠ ᠵᠡᠷᠭᠡ ᠵᠢᠭᠤᠯᠴᠢᠯᠠᠯ ᠤᠨ ᠦᠢᠯᠡᠳᠬᠦᠨ ᠪᠤᠷᠤᠯᠠᠭᠤᠯᠬᠤ ᠵᠡᠷᠬᠡ ᠲᠠᠯ᠎ᠠ ᠪᠠᠷ ᠤᠷᠤᠰᠢᠵᠦ ᠪᠠᠶᠢᠭ᠎ᠠ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠪᠡ᠃    ︽ᠴᠠᠭᠳᠠᠭ᠎ᠠ ᠨᠥᠬᠦᠷ ᠡ᠂ ᠪᠢ ᠵᠢᠭᠤᠯᠴᠢᠯᠠᠯ ᠤᠨ ᠭᠠᠵᠠᠷ ᠠᠴᠠ ᠣᠷᠣᠰ ᠮᠠᠶ᠋ᠢᠬ ᠤᠨ ᠪᠠᠭᠤᠳᠠᠯ ᠵᠠᠬᠢᠶᠠᠯᠠᠪᠠ᠂ ᠭᠡᠳᠡᠯ᠎ᠠ ᠤᠷᠤᠵᠦ ᠰᠠᠭᠤᠬᠤ ᠦᠶ᠎ᠠ ᠳᠤ ᠨᠠᠳᠠ ᠳᠤ ᠡᠪ ᠡᠩ ᠤᠨ ᠦᠷᠦᠭᠡ ᠳᠤᠬᠢᠷᠠᠭᠤᠯᠤᠨ ᠦᠭᠴᠡᠢ ᠁︾ ᠭᠡᠵᠦ ᠵᠢᠭᠤᠯᠴᠢᠯᠠᠬᠴᠢ ᠵᠤᠤ ᠠᠪᠠᠭ᠋ᠠᠢ ᠵᠢᠭᠤᠯᠴᠢᠯᠠᠯ ᠤᠨ ᠭᠠᠵᠠᠷ ᠤᠨ ᠬᠢᠨ ᠢ ᠵᠢᠭᠤᠯᠴᠢᠯᠠᠬᠴᠢᠳ ᠢ ᠮᠡᠭᠡᠯᠡᠵᠤ ᠪᠠᠶᠢᠨ᠎ᠠ ᠭᠡᠵᠤ ᠴᠠᠬᠳᠠᠭ᠎ᠠ ᠳᠤ ᠭᠡᠷᠡᠭ ᠮᠡᠳᠡᠬᠦᠯᠪᠡ᠃ ᠬᠠᠷᠢᠶᠠᠳᠦ ᠤᠷᠤᠨ ᠤ ᠳᠤᠳᠤᠭᠠᠳᠦ ᠶᠢ ᠬᠠᠮᠠᠭᠠᠯᠠᠬᠤ ᠰᠠᠯᠪᠤᠷᠢ ᠶᠢᠨ ᠴᠠᠬᠳᠠᠭ᠎ᠠ ᠳᠡᠷᠡ ᠳᠠᠷᠤᠢ ᠳᠤᠨᠢ ᠳᠤᠬᠠᠢ ᠶᠢᠨ ᠭᠠᠵᠠᠷ ᠢᠶᠠᠷ ᠬᠦᠷᠴᠦ ᠪᠠᠶᠢᠳᠡᠯ ᠢ ᠤᠶᠢᠯᠠᠭᠠᠨ᠂ ᠭᠡᠷᠡᠭ ᠤᠴᠢᠷ ᠢ ᠰᠶᠢᠳᠪᠦᠷᠢᠯᠡᠭᠰᠡᠨ ᠪᠠᠶᠢᠨ᠎ᠠ᠃ ᠤᠶᠢᠯᠠᠭᠠᠬᠰᠠᠨ ᠢᠶᠠᠷ᠂ ᠤᠷᠴᠢᠮᠬᠠᠨ ᠷᠠᠰᠢᠶᠠᠨ ᠬᠤᠳᠠ ᠶᠢᠨ ᠵᠢᠭᠤᠯᠴᠢᠯᠠᠬᠴᠢᠳ ᠤᠯᠠᠰᠢᠷᠠᠬᠤ ᠶᠢ ᠳᠠᠭᠠᠯᠳᠤᠨ ᠵᠤᠴᠢᠳ ᠤᠨ ᠪᠠᠭᠤᠳᠠᠯ ᠡᠷᠢᠬᠦ ᠳᠤ ᠬᠦᠴᠢᠷᠳᠡᠢ ᠪᠣᠯᠵᠣ᠂ ᠬᠠᠨᠭ᠍ᠭᠠᠯᠭ᠎ᠠ ᠨᠢ ᠭᠡᠷᠡᠭᠴᠡᠭᠡ ᠳᠡᠭᠡᠨ ᠬᠦᠷᠬᠦ ᠦᠭᠡᠢ ᠪᠠᠶᠢᠳᠡᠯ ᠢᠯᠡᠷᠡᠭᠰᠡᠨ ᠪᠠᠶᠢᠨ᠎ᠠ᠃ ᠴᠠᠬᠳᠠᠭ᠎ᠠ ᠶᠢᠨ ᠵᠤᠬᠢᠴᠠᠭᠤᠯᠭ᠎ᠠ ᠪᠠᠷ᠂ ᠵᠢᠭᠤᠯᠴᠢᠯᠠᠯ ᠤᠨ ᠭᠠᠵᠠᠷ ᠤᠨ ᠠᠵᠢᠯᠳᠡᠨ ᠵᠤᠤ ᠠᠪᠠᠭ᠋ᠠᠢ ᠶᠢᠨ ᠱᠠᠭᠠᠷᠳᠠᠯᠭ᠎ᠠ ᠪᠠᠷ ᠭᠦᠢᠴᠡᠳᠭᠡᠵᠤ᠂ ᠪᠠᠰᠠ ᠭᠡᠰᠡᠭ ᠵᠠᠷᠤᠳᠠᠯ ᠢ ᠨᠢ ᠬᠢᠮᠳᠠᠷᠠᠭᠤᠯᠵᠦ ᠦᠭᠬᠦᠭᠰᠡᠨ ᠪᠠᠶᠢᠨ᠎ᠠ᠃    ᠵᠥᠷᠢᠴᠡᠯ ᠵᠢᠭᠤᠷᠠᠯᠳᠤᠭᠠᠨ ᠢ ᠢᠳᠡᠪᠬᠢᠲᠡᠢ ᠰᠢᠢᠳᠪᠦᠷᠢᠯᠡᠵᠦ᠂ ᠵᠢᠭᠤᠯᠴᠢᠯᠠᠬᠴᠢᠳ ᠤᠨ ᠠᠰᠢᠭ ᠲᠤᠰᠠ ᠶᠢ ᠦᠨᠡᠨᠬᠦ ᠬᠠᠮᠠᠭᠠᠯᠠᠬᠤ ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠵᠢᠯᠯᠠᠭ᠎ᠠ ᠶᠢ ᠬᠠᠮᠠᠭᠠᠯᠠᠬᠤ ᠶᠢᠨ ᠴᠢᠬᠤᠯᠠ ᠨᠢᠭᠡᠨ ᠠᠵᠢᠯ ᠪᠤᠯᠤᠨ᠎ᠠ᠃ ᠷᠠᠰᠢᠶᠠᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠤᠳᠠ ᠶᠢᠨ ᠰᠤᠶᠤᠯ ᠵᠢᠭᠤᠯᠴᠢᠯᠠᠯ᠂ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠤᠯᠳᠠ ᠵᠡᠷᠭᠡ ᠡᠭᠦᠷᠭᠡ ᠴᠢᠳᠠᠪᠬᠢᠳᠦ ᠰᠠᠯᠠᠭ᠎ᠠ ᠮᠦᠴᠢᠷ ᠲᠠᠢ ᠬᠠᠮᠳᠤᠷᠠᠨ ᠵᠢᠭᠤᠯᠴᠢᠯᠠᠯ ᠤᠨ ᠵᠠᠬ᠎ᠠ ᠲᠡᠯᠬᠡᠬᠦᠷ ᠤᠨ ᠡᠮᠬᠢ ᠲᠢᠭᠯᠢᠮ ᠢ ᠡᠪᠳᠡᠭᠰᠡᠨ ᠬᠠᠤᠯᠢ ᠶᠢ ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ᠵᠢᠭᠤᠯᠴᠢᠯᠠᠬᠴᠢᠳ ᠪᠠ ᠠᠵᠤ ᠠᠬᠤᠶᠢᠯᠠᠯ ᠤᠨ ᠬᠠᠤᠯᠢ ᠶᠤᠰᠤᠨ ᠤ ᠡᠷᠭᠡ ᠠᠰᠢᠭ ᠢ ᠡᠷᠡᠰ ᠬᠠᠮᠠᠭᠠᠯᠠᠵᠦ ᠪᠤᠢ᠃    ᠡᠭᠦᠨ ᠠᠴᠠ ᠭᠠᠳᠠᠨ᠎ᠠ᠂ ᠵᠢᠭᠤᠯᠴᠢᠯᠠᠯ ᠤᠨ ᠭᠠᠵᠠᠷ ᠲᠤ ᠨᠢᠰᠭᠡᠯ ᠤᠨ ᠪᠢᠯᠧᠲ ᠢᠶᠠᠨ ᠪᠤᠴᠠᠭᠠᠬᠤ ᠪᠠ ᠥᠭᠡᠷᠡᠴᠢᠯᠡᠬᠦ᠂ ᠬᠢᠮᠳᠠ ᠦᠨ᠎ᠡ ᠲᠠᠢ ᠵᠢᠭᠤᠯᠴᠢᠯᠠᠯ ᠤᠨ ᠪᠦᠯᠬᠦᠮ᠂ ᠬᠢᠮᠳᠠ ᠦᠨ᠎ᠠ ᠶᠢᠨ ᠵᠣᠴᠢᠳ ᠤᠨ ᠪᠠᠭᠤᠳᠠᠯ ᠢ ᠣᠷᠣᠯᠠᠨ ᠵᠠᠬᠢᠶᠠᠯᠠᠬᠤ ᠵᠡᠷᠭᠡ ᠣᠯᠠᠨ ᠡᠭᠦᠰᠴᠦ ᠮᠡᠳᠡᠬᠦ ᠮᠡᠬᠡᠯᠡᠯ ᠤᠨ ᠠᠵᠢᠯᠯᠠᠭ᠎ᠠ ᠳᠤ ᠨᠠᠷᠢᠯᠢᠭ ᠣᠨᠣᠴᠠᠲᠠᠶ ᠴᠤᠬᠢᠯᠳᠠ ᠦᠭᠬᠦ ᠠᠵᠢᠯᠯᠠᠭ᠎ᠠ ᠥᠷᠨᠢᠭᠦᠯᠪᠡ᠃    12 ᠰᠠᠷ᠎ᠠ ᠶᠢᠨ 2 ᠤᠨ ᠡᠳᠦᠷ᠂ ᠷᠠᠰᠢᠶᠠᠨ ᠬᠤᠳᠠ ᠶᠢᠨ ᠠᠭᠠᠷ ᠤᠨ ᠳᠤᠯᠠᠭᠠᠨ ᠲᠡᠭ ᠠᠴᠠ ᠳᠣᠷᠣᠭᠰᠢ 31 ᠭᠷᠠᠳᠦ᠋ᠰ ᠬᠦᠷᠴᠤ᠂ ᠬᠤᠪᠧᠢ ᠮᠣᠵᠢ ᠶᠢᠨ ᠼᠠᠢ ᠠᠪᠤᠭᠠᠢ ᠷᠠᠰᠢᠶᠠᠨ ᠬᠤᠳᠡᠠ ᠳᠠᠬᠢ ᠵᠢᠭᠤᠯᠴᠢᠯᠠᠯ ᠢᠶᠠᠨ ᠳᠠᠭᠤᠰᠬᠠᠵᠤ ᠂ ᠪᠤᠴᠠᠬᠤ ᠦᠶᠡᠰ ᠮᠠᠰᠢᠨ ᠳᠡᠷᠭᠡ ᠨᠢ ᠡᠪᠳᠡᠷᠡᠵᠦ ᠶᠠᠭᠠᠬᠢᠬᠰᠠᠨ ᠴᠣ ᠬᠦᠳᠡᠯᠵᠦ ᠳᠡᠶᠢᠯᠬᠦ ᠦᠭᠡᠢ ᠪᠤᠯᠪᠠ᠃ ᠴᠠᠭᠳᠠᠨ ᠲᠣᠭᠤᠷᠢᠵᠤ ᠪᠠᠶᠢᠭᠰᠠᠨ ᠠᠷᠠᠳ ᠤᠨ ᠴᠠᠭᠳᠠᠭ᠎ᠠ ᠡᠨᠡᠬᠦ ᠪᠠᠶᠢᠳᠡᠯ ᠢ ᠮᠡᠳᠡᠭᠰᠡᠨ ᠤ ᠳᠠᠷᠠᠭ᠎ᠠ᠂ ᠰᠠᠨᠠᠭᠠᠴᠢᠯᠠᠭ᠎ᠠ ᠠᠴᠠ ᠪᠠᠨ ᠼᠠᠢ ᠠᠪᠤᠭᠠᠢ ᠶᠢ ᠬᠠᠪᠰᠤᠷᠤᠨ ᠰᠡᠯᠪᠢᠨ ᠵᠠᠰᠠᠵᠦ ᠦᠭᠪᠡ᠃ ᠼᠠᠢ ᠠᠪᠤᠭᠠᠢ᠄ ︽ᠭᠡᠳᠦ᠋ᠢᠪᠡᠷ ᠷᠠᠰᠢᠶᠠᠨ ᠤ ᠠᠭᠤᠷ ᠠᠮᠢᠰᠬᠤᠯ ᠬᠦᠢᠲᠡᠨ ᠪᠣᠯᠪᠠᠴᠤ ᠴᠠᠬᠳᠠᠭ᠎ᠠ ᠨᠠᠷ ᠤᠨ ᠦᠢᠯᠡᠴᠢᠯᠡᠭᠡ ᠬᠠᠯᠠᠭᠤᠬᠠᠨ ᠁︾ ᠭᠡᠵᠦ ᠷᠠᠰᠢᠶᠠᠨ ᠬᠤᠳᠠ ᠶᠢᠨ ᠳᠤᠳᠤᠭᠠᠳᠦ ᠶᠢ ᠬᠠᠮᠠᠭᠠᠯᠠᠬᠤ ᠴᠠᠬᠳᠠᠭ᠎ᠠ ᠨᠠᠷ ᠤᠨ ᠦᠢᠯᠡ ᠠᠵᠢᠯᠯᠠᠭ᠎ᠠ ᠶᠢ ᠮᠠᠬᠳᠠᠨ ᠰᠠᠶᠢᠰᠢᠶᠠᠵᠤ ᠪᠠᠶᠢᠯ᠎ᠠ᠃    ᠡᠬᠦᠨ ᠤ ᠵᠡᠷᠭᠡ ᠪᠠᠷ᠂ ᠷᠠᠰᠢᠶᠠᠨ ᠬᠤᠳᠠ ᠶᠢᠨ ᠳᠤᠳᠤᠭᠠᠳᠦ ᠶᠢ ᠬᠠᠮᠠᠭᠠᠯᠠᠬᠤ ᠳᠤᠪᠴᠢᠶ᠎ᠠ ᠶᠢᠨ ᠠᠷᠠᠳ ᠤᠨ ᠴᠠᠬᠳᠠᠭ᠎ᠠ ᠮᠦᠰᠦ ᠴᠠᠰᠤᠨ ᠳᠤ ᠬᠠᠰᠢᠬᠳᠠᠬᠰᠠᠨ ᠳᠡᠷᠭᠡ ᠬᠦᠰᠭᠡ ᠶᠢ ᠠᠪᠤᠷᠠᠨ ᠲᠤᠰᠠᠯᠠᠬᠤ᠂ ᠲᠦᠭᠡᠷᠢᠭᠰᠡᠨ ᠵᠢᠭᠤᠯᠴᠢᠯᠠᠭᠴᠢᠳ ᠢ ᠠᠪᠤᠷᠠᠨ ᠳᠤᠰᠠᠯᠠᠬᠤ᠂ ᠭᠡᠭᠡᠭᠰᠡᠨ ᠡᠳ᠋ ᠪᠣᠳᠠᠰ ᠢ ᠡᠷᠢᠬᠦ ᠁ ᠭᠡᠬᠦ ᠮᠡᠳᠦ ᠶᠢᠨ ᠦᠢᠯᠡᠴᠢᠯᠡᠭᠡ ᠳᠤᠰᠠᠯᠠᠮᠵᠢ ᠬᠠᠨᠭ᠍ᠭᠠᠵᠦ᠂ ᠵᠢᠭᠤᠯᠴᠢᠯᠠᠬᠴᠢᠳ ᠤᠨ ᠠᠮᠢ ᠨᠠᠰᠦ ᠡᠳ᠋ ᠬᠦᠷᠦᠩᠭᠡ ᠶᠢᠨ ᠠᠮᠤᠷ ᠲᠦᠪᠰᠢᠨ ᠳᠤ ᠬᠦᠴᠦᠳᠠᠢ ᠪᠠᠳᠤᠯᠠᠭ᠎ᠠ ᠬᠠᠨᠭ᠍ᠭᠠᠬᠰᠠᠭᠠᠷ ᠢᠷᠡᠵᠠᠢ᠃    ᠷᠠᠰᠢᠶᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠠᠷᠢᠨ ᠨᠢᠮᠪᠠᠶ᠂ ᠨᠠᠷᠢᠯᠢᠭ ᠤᠨᠤᠴᠠᠳᠠᠢ ᠠᠵᠢᠯ ᠤᠨ ᠰᠤᠷᠲᠠᠯ ᠢᠶᠠᠷ ᠪᠦᠬᠦ ᠬᠤᠳᠠ ᠶᠢᠨ ᠵᠢᠭᠤᠯᠴᠢᠯᠠᠯ ᠤᠨ ᠦᠢᠯᠡᠰ ᠤᠨ ᠤᠷᠳᠦ ᠬᠤᠭᠤᠴᠠᠭᠠᠨ ᠤ ᠬᠦᠭᠵᠢᠯᠳᠠ ᠶᠢ ᠪᠠᠳᠤᠯᠠᠵᠤ ᠪᠤᠢ᠃ ᠬᠤ᠋ ᡁᠢ ᠮᠢᠨ ᠼᠦᠢ ᠸᠧᠨ ᠪᠢᠨ ᠮᠡᠳᠡᠭᠡᠯᠡᠪᠡ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号