ᠬᠠᠬᠢᠷ ᠡᠪᠦᠯ ᠤᠨ ᠬᠦᠢᠳᠡᠨ ᠳᠤ ᠬᠠᠯᠠᠭᠤᠨ ᠤᠮᠳᠠᠭᠠᠨ ᠢᠶᠠᠷ ᠬᠦᠮᠣᠨ ᠠᠷᠡᠳ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2024/12/26
     12 ᠰᠠᠷ᠎ᠠ ᠶᠢᠨ 25 ᠤ ᠡᠳᠦᠷ᠂ ᠷᠡᠰᠢᠶᠠᠨ ᠬᠤᠳᠡ ᠶᠢᠨ ᠾᠧ ᠪᠢᠨ ᠨᠡᠶᠢᠭᠡᠮ ᠲᠣᠭᠤᠷᠢᠭ  ᠷᠡᠰᠢᠶᠠᠨ ᠬᠤᠳᠡ ᠶᠢᠨ ᠡᠪᠯᠡᠯ ᠤᠨ ᠬᠤᠲᠠ ᠶᠢᠨ ᠨᠠᠮ ᠲᠠᠢ ᠬᠠᠮᠲᠤᠷᠠᠨ ︽ᠬᠠᠬᠢᠷ ᠡᠪᠦᠯ ᠤᠨ ᠬᠦᠢᠳᠡᠨ ᠳᠤ ᠬᠠᠯᠠᠭᠤᠨ ᠤᠮᠳᠠᠭᠠᠨ ᠢᠶᠠᠷ ᠬᠦᠮᠣᠨ ᠠᠷᠡᠳ ᠤᠨ ᠰᠡᠳᠬᠢᠯ ᠢ ᠳᠤᠯᠠᠭᠠᠴᠠᠭᠤᠯᠤᠨ᠎ᠠ︾ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠪᠡ᠃    ᠵᠠᠯᠠᠭᠤ ᠰᠠᠶᠢᠨ ᠳᠤᠷᠡᠴᠣᠣᠯ ᠬᠠᠯᠠᠭᠤᠨ ᠢᠳᠡᠭᠡᠨ ᠤᠮᠳᠠᠭᠠᠨ ᠢᠶᠠᠨ ᠠᠪᠴᠤ ᠬᠠᠷᠢᠶ᠎ᠠ ᠣᠷᠣᠨ ᠢᠶᠠᠷ ᠢᠶᠠᠨ ᠬᠦᠷᠴᠦ ᠡᠯ᠎ᠡ ᠲᠦᠷᠭᠡᠨ ᠬᠦᠷᠭᠡᠯᠲᠡ ᠶᠢᠨ ᠦᠷᠳᠡᠭᠡ᠂ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠲᠡᠷᠭᠡᠨ ᠦᠷᠳᠡᠭᠡ ᠵᠡᠷᠭᠡ ᠰᠢᠷᠭᠠᠭᠤ ᠬᠠᠲᠠᠭᠤᠵᠢᠯᠲᠠᠢ ᠠᠵᠢᠯᠯᠠᠵᠤ ᠪᠠᠶᠢᠭ᠎ᠠ ᠬᠥᠮᠦᠰ ᠲᠤ ᠬᠠᠶᠢᠷ᠎ᠠ ᠬᠠᠯᠠᠮᠵᠢ ᠬᠦᠷᠭᠡᠪᠡ᠃ ᠨᠢᠭᠡ ᠥᠷᠲᠡᠭᠡ ᠴᠡᠭ ᠲᠤ ᠬᠦᠷᠬᠦ ᠪᠦᠷᠢ᠂ ᠰᠠᠶᠢᠨ ᠳᠤᠷᠡᠴᠣᠣᠯ ᠴᠥᠮ ᠬᠠᠯᠠᠭᠤᠨ ᠳᠣᠲᠣᠨᠣ ᠪᠠᠷ ᠬᠦᠯᠢᠶᠡᠨ ᠠᠪᠬᠤ ᠬᠥᠮᠦᠰ ᠲᠠᠢ ᠶᠠᠷᠢᠯᠴᠠᠵᠤ᠂ ᠲᠡᠳᠡᠨ ᠤ ᠠᠵᠢᠯ ᠤᠨ ᠪᠠᠶᠢᠳᠠᠯ ᠪᠣᠯᠤᠨ ᠠᠮᠢᠳᠤᠷᠠᠯ ᠤᠨ ᠬᠡᠷᠡᠭᠴᠡᠭᠡ ᠶᠢ ᠣᠶᠢᠯᠠᠭᠠᠬᠤ ᠶᠢᠨ ᠬᠠᠮᠲᠤ ᠨᠡᠶᠢᠭᠡᠮ ᠲᠣᠭᠤᠷᠢᠭ ᠤᠨ ᠬᠠᠯᠠᠮᠵᠢᠯᠠᠯ ᠪᠣᠯᠤᠨ ᠮᠡᠨᠳᠦᠴᠢᠯᠡᠯ ᠢ ᠬᠦᠷᠭᠡᠪᠡ᠃     ᠲᠣᠰ ᠤᠳᠠᠭᠠᠨ ᠤ ︽ᠬᠠᠬᠢᠷ ᠡᠪᠦᠯ ᠤᠨ ᠬᠦᠢᠳᠡᠨ ᠳᠤ ᠬᠠᠯᠠᠭᠤᠨ ᠤᠮᠳᠠᠭᠠᠨ ᠢᠶᠠᠷ ᠬᠦᠮᠣᠨ ᠠᠷᠡᠳ ᠤᠨ ᠰᠡᠳᠬᠢᠯ ᠢ ᠳᠤᠯᠠᠭᠠᠴᠠᠭᠤᠯᠤᠨ᠎ᠠ︾ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠨᠢ ︽ᠬᠤᠶᠠᠷ ᠰᠢᠨ᠎ᠡ︾ ᠬᠥᠮᠦᠰ ᠲᠤ ᠬᠠᠶᠢᠷ᠎ᠠ ᠬᠠᠯᠠᠮᠵᠢ ᠬᠦᠷᠭᠡᠭᠰᠡᠨ ᠢᠶᠠᠷ ᠪᠠᠷᠠᠬᠤ ᠥᠬᠡᠶ᠂ ᠨᠠᠩ ᠴᠤ ᠨᠡᠶᠢᠭᠡᠮ ᠲᠣᠭᠤᠷᠢᠭ ᠤᠨ ᠲᠡᠳᠡᠨ ᠳᠤ ᠬᠠᠯᠠᠮᠵᠢᠯᠠᠯ ᠪᠠ ᠳᠡᠮᠵᠢᠯᠭᠡ ᠶᠢ ᠳᠠᠮᠵᠢᠭᠤᠯᠵᠠᠶ᠃ ᠾᠧ ᠪᠢᠨ ᠨᠡᠶᠢᠭᠡᠮ ᠲᠣᠭᠤᠷᠢᠭ ᠤᠨ ᠬᠢᠨ ᠡᠨᠡᠬᠦ ᠡᠳᠡᠭᠡᠳ ᠤᠨ ᠬᠡᠷᠡᠭᠴᠡᠭᠡ ᠶᠢ ᠦᠷᠭᠦᠯᠵᠢᠯᠡᠨ ᠠᠩᠬᠠᠷᠴᠤ᠂ ᠲᠡᠳᠡᠨ ᠳᠤ ᠨᠡᠩ ᠤᠯᠠᠨ ᠬᠠᠶᠢᠷ᠎ᠠ ᠬᠠᠯᠠᠮᠵᠢ ᠪᠣᠯᠤᠨ ᠦᠢᠯᠡᠴᠢᠯᠡᠭᠡ ᠬᠠᠩᠭᠠᠵᠤ᠂ ᠨᠡᠩ ᠡᠶ᠎ᠡ ᠵᠣᠬᠢᠴᠠᠩᠭᠤᠢ ᠰᠠᠶᠢᠨ ᠰᠠᠶᠢᠬᠠᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠬᠠᠮᠲᠤᠪᠠᠷ ᠪᠤᠢ ᠪᠣᠯᠭᠠᠨ᠎ᠠ᠃
 
ᠢᠷᠡᠯᠲᠡ᠄ ᠷᠡᠰᠢᠶᠠᠨ ᠬᠤᠲᠠ ᠶᠢᠨ ᠸᠧᠨᠴᠢᠣᠸᠠᠨ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号