ᠤᠶᠢᠷ᠎ᠠ ᠳᠤ᠂ ᠷᠠᠰᠢᠶᠠᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠬᠢᠨ ᠠᠷᠠᠳ ᠤᠨ | ᠴᠠᠬᠳᠠᠭ᠎ᠠ ᠪᠠᠨ ᠵᠤᠬᠢᠶᠠᠨ ᠪᠠᠶᠢᠭᠤᠯᠵᠦ᠂ ᠷᠠᠰᠢᠶᠠᠨ ᠤ ᠤᠯᠤᠰ ᠤᠨ ᠲᠡᠰ ᠤᠨ ᠤᠢ ᠰᠢᠭᠤᠢ ᠶᠢᠨ ᠴᠡᠴᠡᠷᠯᠢᠭ ᠲᠤ | ᠬᠦᠨᠵᠡᠬᠡᠶᠢᠷᠡᠨ ᠵᠢᠭᠤᠯᠴᠢᠯᠠᠬᠴᠢᠳ ᠤᠨ ᠨᠠᠭᠠᠰᠢ ᠴᠠᠭᠠᠰᠢ ᠠᠶᠠᠯᠠᠬᠤ ᠠᠮᠦᠷ ᠲᠦᠪᠰᠢᠨ ᠢ ᠪᠠᠳᠦᠯᠠᠵᠦ ᠪᠠᠶᠢᠨ᠎ᠠ᠃ | ︽ᠮᠦᠰᠦ ᠴᠠᠰᠦᠨ ᠤ ᠠᠵᠦ ᠠᠬᠤᠢ︾ ᠶᠢᠨ ᠦᠷᠬᠦᠯᠵᠢᠯᠡᠨ ᠬᠦᠭᠵᠢᠶᠡᠨ ᠲᠠᠢ ᠪᠤᠯᠬᠤ ᠶᠢ ᠲᠠᠭᠠᠯᠳᠤᠨ᠂ | ᠷᠠᠰᠢᠶᠠᠨ ᠬᠤᠳᠠ ᠶᠢᠨ ᠡᠯ᠎ᠡ ᠦᠵᠡᠮᠵᠢ ᠶᠢᠨ ᠤᠷᠤᠨ ᠢᠶᠠᠷ ᠵᠢᠭᠤᠯᠴᠢᠯᠠᠬᠴᠢᠳ ᠤᠯᠠᠰᠢᠷᠠᠵᠠᠢ᠃ ᠷᠠᠰᠢᠶᠠᠨ | ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ︽ᠡᠪᠦᠯ ᠤᠨ ᠤᠯᠠᠷᠢᠯ ᠤᠨ ᠠᠵᠢᠯᠯᠠᠭ᠎ᠠ︾ ᠲᠠᠢ | ᠤᠶᠠᠯᠳᠤᠭᠤᠯᠤᠨ᠂ ᠤᠨᠤᠪᠴᠢᠳᠠᠢ ᠴᠠᠬᠳᠠᠭ᠎ᠠ ᠲᠤᠬᠢᠷᠠᠭᠤᠯᠬᠤ᠂ ᠤᠨᠤᠪᠴᠢᠳᠠᠢ ᠬᠠᠮᠢᠶᠠᠷᠦᠨ ᠡᠵᠡᠮᠳᠡᠬᠦ᠂ ᠨᠠᠷᠢᠯᠢᠭ | ᠦᠢᠯᠡᠴᠢᠯᠡᠭᠡ ᠦᠷᠨᠢᠬᠦᠯᠵᠦ ︽ᠦᠵᠡᠮᠵᠢ ᠶᠢᠨ ᠤᠷᠤᠨ ᠳᠤ ᠴᠠᠬᠳᠠᠭ᠎ᠠ ᠲᠠᠢ︾ ᠵᠢᠭᠤᠯᠴᠢᠯᠠᠯ ᠤᠨ ᠴᠠᠬᠳᠠᠭᠠᠨ | ᠶᠠᠪᠤᠳᠠᠯ ᠤᠨ ᠵᠠᠬᠪᠦᠷ ᠢ ᠬᠡᠷᠡᠭᠵᠢᠬᠦᠯᠵᠦ᠂ ᠵᠢᠭᠤᠯᠴᠢᠯᠠᠬᠴᠢᠳ ᠤᠨ ᠠᠮᠦᠷ ᠲᠦᠪᠰᠢᠨ ᠢ ᠪᠠᠳᠦᠯᠠᠵᠤ ᠪᠠᠶᠢᠨ᠎ᠠ᠃ | ᠷᠠᠰᠢᠶᠠᠨ ᠬᠤᠳᠠ ᠶᠢᠨ ᠲᠤᠳᠤᠭᠠᠳᠤ ᠶᠢ ᠬᠠᠮᠠᠭᠠᠠᠯᠠᠬᠤ ᠲᠤᠪᠴᠢᠶ᠎ᠠ ᠶᠢᠨ ᠬᠢᠨ ᠵᠢᠭᠤᠯᠴᠢᠯᠠᠬᠴᠢᠳ ᠤᠨ ᠠᠮᠦᠷ | ᠲᠦᠪᠰᠢᠨ ᠢ ᠪᠠᠳᠦᠯᠠᠬᠤ ᠶᠢᠨ ᠲᠦᠯᠦᠬᠡ᠂ ᠴᠠᠬᠳᠠᠭ᠎ᠠ ᠪᠠᠨ ᠵᠤᠬᠢᠶᠠᠨ ᠪᠠᠶᠢᠭᠤᠯᠤᠨ᠂ ᠵᠢᠭᠤᠯᠴᠢᠯᠠᠯ ᠤᠨ ᠲᠠᠯᠠᠪᠦᠷ | ᠭᠠᠵᠠᠷ ᠤᠨ ᠲᠤᠨᠤᠭ ᠲᠦᠬᠦᠭᠡᠷᠦᠮᠵᠢ ᠶᠢ ᠪᠦᠬᠦ ᠲᠠᠯ᠎ᠠ ᠪᠠᠷ ᠪᠠᠶᠢᠴᠠᠭᠠᠵᠦ᠂ ᠦᠢᠯᠡᠴᠢᠯᠡᠬᠡᠨ ᠤ ᠴᠢᠨᠠᠷ ᠴᠢᠨᠰᠠᠭ᠎ᠠ ᠪᠠᠨ | ᠲᠠᠰᠦᠷᠠᠯᠳᠠ ᠦᠬᠡᠢ ᠲᠡᠭᠡᠭᠰᠢᠯᠡᠬᠦᠯᠬᠦ ᠶᠢᠨ ᠬᠠᠮᠳᠤ ᠪᠠᠰᠠ ᠴᠠᠬᠳᠠᠭ᠎ᠠ ᠪᠠᠨ ᠵᠤᠬᠢᠶᠠᠨ ᠪᠠᠶᠢᠭᠤᠯᠤᠨ ︽ᠲᠡᠷᠬᠡ ᠪᠠᠷ | ᠴᠠᠬᠳᠠᠬᠤ + ᠶᠠᠪᠠᠭᠠᠨ ᠢᠶᠠᠷ ᠴᠠᠬᠳᠠᠬᠤ︾ ᠠᠷᠭ᠎ᠠ ᠪᠠᠷ ᠭᠤᠤᠯᠳᠠᠯᠭ᠎ᠠ ᠲᠠᠢ ᠵᠠᠮ ᠤᠨ ᠬᠡᠰᠡᠭ ᠢᠶᠠᠷ ᠪᠦᠬᠦ ᠲᠠᠯ᠎ᠠ ᠶᠢᠨ | ᠪᠠᠶᠢᠴᠠᠭᠠᠯᠳᠠ ᠬᠢᠵᠦ᠂ ᠡᠯ᠎ᠡ ᠲᠦᠷᠦᠯ ᠤᠨ ᠵᠢᠭᠤᠯᠴᠢᠯᠠᠯ ᠤᠨ ᠵᠦᠷᠢᠴᠡᠯ ᠵᠢᠭᠤᠷᠠᠯᠳᠤᠭᠠᠨ ᠢ ᠴᠠᠭ ᠲᠤᠬᠠᠢ ᠳᠤᠨᠢ | ᠨᠠᠮᠳᠠᠭᠤᠯᠵᠠᠢ᠃ ᠡᠬᠦᠨ ᠠᠴᠠ ᠭᠠᠳᠠᠨ᠎ᠠ᠂ ᠲᠤᠰ ᠲᠤᠪᠴᠢᠶ᠎ᠠ ᠶᠢᠨ ᠬᠢᠨ ᠤᠬᠠᠭᠤᠯᠭ᠎ᠠ ᠶᠢᠨ ᠦᠢᠯᠡᠴᠢᠯᠡᠬᠡᠨ ᠤ ᠴᠡᠭ | ᠲᠤᠬᠢᠷᠠᠭᠤᠯᠵᠦ᠂ ᠵᠢᠭᠤᠯᠴᠢᠯᠠᠬᠴᠢᠳ ᠲᠤ ᠲᠦᠬᠦᠮ ᠰᠢᠯᠢᠳᠡᠭ ᠦᠢᠯᠡᠴᠢᠯᠡᠭᠡ ᠬᠠᠨᠭ᠍ᠭᠠᠵᠦ᠂ ᠲᠤᠳᠤᠭᠠᠳᠤ ᠶᠢ | ᠬᠠᠮᠠᠭᠠᠯᠠᠬᠤ ᠰᠠᠯᠪᠦᠷᠢ ᠪᠠ ᠵᠠᠮ ᠬᠠᠷᠢᠯᠴᠠᠭᠠᠨ ᠤ ᠬᠠᠮᠢᠶᠠᠷᠦᠯᠳᠠ ᠶᠢᠨ ᠰᠠᠯᠠᠭ᠎ᠠ ᠮᠦᠴᠢᠷ ᠲᠠᠢ ᠬᠤᠯᠪᠤᠭᠠᠯᠠᠬᠤ ᠪᠠᠨ | ᠴᠢᠩᠭᠠᠳᠬᠠᠵᠦ᠂ ᠵᠠᠮ ᠲᠠᠭᠠᠬᠰᠠᠨ ᠡᠯᠧᠺᠲᠷᠤᠨ ᠴᠠᠬᠳᠠᠭᠠᠨ ᠤ ᠫᠠᠶᠢᠰᠠ ᠵᠡᠷᠭᠡ ᠲᠦᠬᠦᠭᠡᠷᠦᠮᠵᠢ ᠶᠢ ᠠᠰᠢᠬᠯᠠᠨ | ᠵᠢᠭᠤᠯᠴᠢᠯᠠᠬᠴᠢᠳ ᠤᠨ ᠨᠠᠭᠠᠰᠢ ᠴᠠᠭᠠᠰᠢ ᠠᠶᠠᠯᠠᠵᠦ ᠪᠠᠶᠢᠭ᠎ᠠ ᠪᠠᠶᠢᠳᠠᠯ ᠢ ᠡᠵᠡᠮᠳᠡᠵᠦ᠂ ᠦᠵᠡᠮᠵᠢ ᠶᠢᠨ ᠤᠷᠤᠨ ᠤ | ᠤᠶᠢᠷ᠎ᠠ ᠬᠠᠪᠢ ᠶᠢᠨ ᠵᠠᠮ ᠬᠠᠷᠢᠯᠴᠠᠭᠠᠨ ᠤ ᠠᠮᠦᠷ ᠲᠦᠪᠰᠢᠨ ᠰᠠᠭᠠᠳ ᠦᠬᠡᠢ ᠨᠡᠪᠳᠡᠷᠡᠬᠦ ᠶᠢ ᠪᠠᠳᠦᠯᠠᠵᠦ ᠪᠤᠢ᠃ |