ᠷᠡᠰᠢᠶᠠᠨ ᠬᠤᠲᠠ ᠶᠢᠨ ᠸᠧᠨᠴᠢᠤᠸᠠᠨ ᠵᠡᠭᠡᠯᠢ ᠷᠠᠰᠢᠶᠠᠨ ᠬᠤᠲᠠ ᠶᠢᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠨᠥᠬᠦᠵᠦ ᠰᠣᠩᠭᠤᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/12/27
    12 ᠰᠠᠷ᠎ᠠ ᠶᠢᠨ 26 ᠤ ᠡᠳᠦᠷ᠂ ᠷᠡᠰᠢᠶᠠᠨ ᠬᠤᠳᠡ ᠶᠢᠨ ᠸᠧᠨᠴᠢᠤᠸᠠᠨ ᠵᠡᠭᠡᠯᠢ ᠶᠢᠨ ᠬᠢᠨ ᠷᠠᠰᠢᠶᠠᠨ ᠬᠤᠳᠠ ᠶᠢᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠨᠥᠬᠦᠵᠦ ᠰᠣᠩᠭᠤᠬᠤ ᠠᠵᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠱᠠᠭᠠᠷᠳᠠᠯᠭ᠎ᠠ ᠶᠢ ᠦᠨᠳᠦᠰᠦᠯᠡᠨ᠂ ᠸᠧᠨᠴᠢᠤᠸᠠᠨ ᠵᠡᠭᠡᠯᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠨᠠᠷᠢᠨ ᠨᠢᠮᠪᠠᠢ ᠪᠠᠶᠢᠷᠢᠯᠠᠭᠤᠯᠵᠤ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠵᠢᠷᠤᠮᠵᠢᠭᠤᠯᠤᠨ ᠰᠣᠩᠭᠤᠵᠤ᠂ ᠲᠤᠰ ᠲᠤᠰ 18 ᠰᠣᠩᠭᠤᠭᠤᠯᠢ ᠶᠢᠨ ᠲᠣᠭᠤᠷᠢᠭ ᠲᠤ 4 ᠨᠡᠭᠦᠳᠡᠯ ᠪᠢᠯᠧᠲ ᠤᠨ ᠬᠠᠶᠢᠷᠴᠠᠭ ᠭᠠᠷᠭᠠᠵᠤ᠂ 19 ᠰᠣᠩᠭᠤᠭᠤᠯᠢ ᠶᠢᠨ ᠲᠣᠭᠤᠷᠢᠭ᠂ 22 ᠰᠣᠩᠭᠤᠭᠤᠯᠢ ᠶᠢᠨ ᠲᠣᠭᠤᠷᠢᠭ ᠲᠤ ᠲᠤᠰ ᠲᠤᠰ 2 ᠨᠡᠭᠦᠳᠡᠯ ᠪᠢᠯᠧᠲ ᠤᠨ ᠬᠠᠶᠢᠷᠴᠠᠭ ᠭᠠᠷᠭᠠᠵᠤ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ 3 ᠨᠠᠷᠡᠰ ᠰᠣᠩᠭᠤᠨ ᠭᠠᠷᠭᠠᠪᠠ᠃    ᠤᠷᠢᠳᠴᠢᠯᠠᠨ ᠲᠦᠯᠦᠪᠯᠡᠵᠦ ᠳᠡᠭᠡᠲᠦ ᠬᠡᠮᠵᠢᠶ᠎ᠡ ᠪᠠᠷ ᠴᠢᠬᠤᠯᠠᠴᠢᠯᠠᠪᠡ᠃ ᠲᠣᠰ ᠤᠳᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠨᠥᠬᠦᠨ ᠰᠣᠩᠭᠤᠬᠤ ᠠᠵᠢᠯ ᠢ ᠬᠠᠤᠯᠢ ᠲᠣᠭᠲᠠᠭᠠᠯ ᠶᠣᠰᠣᠭᠠᠷ ᠶᠠᠪᠤᠭᠳᠠᠭᠤᠯᠬᠤ ᠶᠢ ᠪᠠᠲᠤᠯᠠᠬᠤ ᠶᠢᠨ ᠲᠥᠯᠥᠭᠡ᠂ ᠸᠧᠨᠴᠢᠤᠸᠠᠨ ᠵᠡᠭᠡᠯᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠢᠭᠡᠳᠦᠯᠲᠡᠶ ᠪᠠᠶᠢᠷᠢᠯᠠᠭᠤᠯᠤᠯᠲᠠ ᠲᠣᠬᠢᠷᠠᠭᠤᠯᠤᠯᠲᠠ ᠶᠣᠰᠣᠭᠠᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠨᠥᠬᠦᠨ ᠰᠣᠩᠭᠤᠬᠤ ᠠᠵᠢᠯ ᠤᠨ ᠳᠤᠭᠤᠶᠢᠯᠠᠩ ᠪᠠᠶᠢᠭᠤᠯᠵᠤ᠂ ᠪᠣᠯᠪᠠᠰᠤᠷᠠᠯ ᠢ ᠴᠠᠭ ᠲᠤᠬᠠᠶ ᠳᠤᠨᠢ ᠬᠤᠷᠠᠯᠳᠤᠭᠤᠯᠵᠤ᠂ ᠬᠠᠮᠢᠶ᠎ᠠ ᠪᠥᠬᠦᠶ ᠰᠣᠩᠭᠤᠭᠤᠯᠢ ᠶᠢᠨ ᠶᠠᠪᠤᠴᠠ ᠪᠠ ᠰᠣᠩᠭᠤᠭᠤᠯᠢ ᠶᠢᠨ ᠠᠷᠭ᠎ᠠ ᠶᠢ ᠨᠠᠷᠢᠨ ᠲᠠᠶᠢᠯᠪᠤᠷᠢᠯᠠᠵᠤ᠂ ᠡᠯ᠎ᠡ ᠭᠤᠭᠴᠤᠭ᠎ᠠ ᠶᠢᠨ ᠴᠠᠭ ᠤᠨ ᠵᠠᠩᠭᠢᠶᠠᠰᠤ᠂ ᠪᠣᠳᠠᠲᠠᠶ ᠠᠭᠤᠯᠭ᠎ᠠ ᠪᠠ ᠠᠩᠬᠠᠷᠬᠤ ᠵᠦᠢᠯᠡᠰ ᠵᠡᠷᠭᠡ ᠶᠢ ᠲᠣᠳᠣᠷᠬᠠᠶᠢᠯᠠᠵᠤ᠂ ᠬᠠᠮᠢᠶ᠎ᠠ ᠪᠥᠬᠦᠶ ᠬᠥᠮᠦᠰ ᠤᠨ ᠲᠣᠰ ᠤᠳᠠᠭᠠᠨ ᠤ ᠨᠥᠬᠦᠨ ᠰᠣᠩᠭᠤᠬᠤ ᠠᠵᠢᠯ ᠤᠨ ᠶᠠᠪᠤᠴᠠ ᠶᠢ ᠲᠣᠳᠣᠷᠬᠠᠶ ᠣᠶᠢᠯᠠᠭᠠᠬᠤ ᠶᠢ ᠦᠨᠡᠨ ᠬᠦ ᠪᠠᠲᠤᠯᠠᠵᠤ᠂ ᠨᠥᠬᠦᠨ ᠰᠣᠩᠭᠤᠬᠤ ᠠᠵᠢᠯ ᠢ ᠤᠷᠤᠭᠰᠢᠲᠠᠶ ᠪᠡᠶᠡᠯᠡᠭᠦᠯᠬᠦ ᠳᠤ ᠰᠠᠭᠤᠷᠢ ᠶᠢ ᠪᠠᠲᠤᠳᠬᠠᠪᠠ᠃    ᠥᠷᠭᠡᠨ ᠢᠶᠠᠷ ᠤᠬᠠᠭᠤᠯᠤᠨ ᠭᠦᠢᠴᠡᠳ ᠳᠠᠶᠢᠴᠢᠯᠠᠪᠡ᠃ ᠨᠥᠬᠦᠨ ᠰᠣᠩᠭᠤᠬᠤ ᠠᠵᠢᠯ ᠤᠨ ᠬᠤᠭᠤᠴᠠᠭᠠᠨ ᠳᠤ᠂ ᠸᠧᠨᠴᠢᠤᠸᠠᠨ ᠵᠡᠭᠡᠯᠢ ᠶᠢᠨ ᠠᠷᠪᠠᠨ ᠨᠠᠢᠮᠠᠳᠤᠭᠠᠷ᠂ ᠠᠷᠪᠠ ᠶᠢᠰᠦᠳᠦᠭᠡᠷ ᠰᠣᠩᠭᠤᠭᠤᠯᠢ ᠶᠢᠨ ᠲᠣᠭᠤᠷᠢᠭ ᠪᠣᠯᠤᠨ ᠬᠤᠷᠢᠨ ᠬᠤᠶᠠᠳᠤᠭᠠᠷ ᠰᠣᠩᠭᠤᠭᠤᠯᠢ ᠶᠢᠨ ᠲᠣᠭᠤᠷᠢᠭ ᠨᠢ ᠠᠯᠪᠠᠨ ᠵᠠᠷᠯᠡᠯ ᠨᠠᠭᠠᠬᠤ᠂ ᠡᠷᠦᠬᠡ ᠳᠤ ᠣᠷᠣᠵᠤ ᠰᠤᠷᠪᠤᠯᠵᠢᠯᠠᠬᠤ᠂ ᠤᠲᠠᠰᠤ ᠪᠠ ᠸᠢᠴᠠᠲ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠠᠰ ᠳᠠᠪᠬᠤᠷᠭ᠎ᠠ ᠪᠠᠷ ᠳᠠᠶᠢᠴᠢᠯᠠᠨ ᠤᠬᠠᠭᠤᠯᠬᠤ ᠠᠵᠢᠯ ᠢ ᠥᠷᠨᠢᠭᠦᠯᠵᠦ᠂ ᠬᠠᠷᠢᠶ᠎ᠠ ᠣᠷᠣᠨ ᠤ ᠣᠯᠠᠨ ᠲᠦᠮᠡᠨ ᠤ ᠨᠥᠬᠦᠵᠦ ᠰᠣᠩᠭᠤᠬᠤ ᠠᠵᠢᠯ ᠤᠨ ᠲᠤᠬᠠᠶ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠨ᠂ ᠰᠣᠩᠭᠤᠭᠤᠯᠢ ᠶᠢᠨ ᠠᠷᠠᠳ ᠤᠨ ᠬᠠᠤᠯᠢ ᠶᠣᠰᠣᠭᠠᠷ ᠡᠷᠬᠡ ᠪᠠᠨ ᠭᠦᠢᠴᠡᠳᠬᠡᠬᠦ ᠶᠢ ᠳᠠᠶᠢᠴᠢᠯᠠᠵᠤ᠂ ︽ᠬᠥᠮᠦᠨ ᠪᠦᠬᠦᠨ ᠣᠶᠢᠯᠠᠭᠠᠵᠤ ᠰᠣᠩᠭᠤᠬᠤ᠂ ᠬᠥᠮᠦᠨ ᠪᠦᠬᠦᠨ ᠨᠥᠬᠦᠵᠦ ᠰᠣᠩᠭᠤᠬᠤ ᠶᠢ ᠳᠡᠮᠵᠢᠬᠦ᠂ ᠬᠥᠮᠦᠨ ᠪᠦᠬᠦᠨ ᠨᠥᠬᠦᠨ ᠰᠣᠩᠭᠤᠬᠤ ᠳᠤ  ᠣᠷᠣᠯᠴᠠᠬᠤ︾ ᠭᠦᠨ ᠵᠤᠵᠠᠭᠠᠨ ᠠᠭᠤᠷ ᠠᠮᠢᠰᠬᠤᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠪᠢᠯᠧᠲ ᠥᠭᠴᠦ ᠰᠣᠩᠭᠤᠬᠤ ᠳᠤ ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠦᠨᠡᠨ ᠬᠦ ᠳᠠᠶᠢᠴᠢᠯᠠᠪᠠ᠃    ᠴᠢᠩᠭ᠎ᠠ ᠬᠢᠨᠠᠯᠲᠠ ᠲᠠᠯᠪᠢᠵᠤ ᠵᠢᠷᠤᠮᠵᠢᠭᠤᠯᠤᠨ ᠨᠦᠬᠦᠪᠦᠷᠢᠯᠡᠨ ᠰᠤᠩᠭᠤᠵᠤ ᠭᠠᠷᠭᠠᠪᠡ᠃ ᠸᠧᠨᠴᠢᠤᠸᠠᠨ ᠵᠡᠭᠡᠯᠢ ᠶᠢᠨ ᠬᠢᠨ ︽ᠰᠣᠩᠭᠤᠭᠤᠯᠢ ᠶᠢᠨ ᠬᠠᠤᠯᠢ︾ ᠪᠣᠯᠤᠨ ︽ᠨᠥᠬᠦᠵᠦ ᠰᠣᠩᠭᠤᠬᠤ ᠠᠷᠭ᠎ᠠ︾ ᠶᠢᠨ ᠬᠠᠮᠢᠶ᠎ᠠ ᠪᠥᠬᠦᠶ ᠲᠣᠭᠲᠠᠭᠠᠯ ᠢ ᠴᠢᠩᠭ᠎ᠠ ᠵᠢᠷᠤᠮᠯᠠᠨ᠂ ᠰᠣᠩᠭᠤᠭᠤᠯᠢ ᠶᠢᠨ ᠠᠷᠠᠳ ᠤᠨ ᠰᠣᠩᠭᠤᠭᠤᠯᠢ ᠶᠢᠨ ᠡᠷᠬᠡ ᠶᠢ ᠬᠠᠤᠯᠢ ᠶᠣᠰᠣᠭᠠᠷ ᠪᠠᠲᠤᠯᠠᠪᠠ᠃ ᠨᠥᠬᠦᠵᠦ ᠰᠣᠩᠭᠤᠬᠤ ᠡᠯ᠎ᠡ ᠵᠦᠢᠯ ᠤᠨ ᠵᠢᠷᠤᠮ ᠤᠨ ᠱᠠᠭᠠᠷᠳᠠᠯᠭ᠎ᠠ ᠶᠢ ᠴᠢᠩᠳᠠᠯᠠᠵᠤ᠂ ᠬᠠᠤᠯᠢ ᠪᠠᠷ ᠲᠣᠭᠲᠠᠭᠠᠭᠰᠠᠨ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠬᠠᠷᠭᠤᠭᠤᠯᠵᠤ᠂ ᠰᠣᠩᠭᠤᠭᠤᠯᠢ ᠶᠢᠨ ᠠᠷᠠᠳ ᠢ ᠳᠠᠶᠢᠴᠢᠯᠠᠬᠤ᠂ ᠰᠣᠩᠭᠤᠭᠤᠯᠢ ᠶᠢᠨ ᠠᠷᠠᠳ ᠢ ᠪᠦᠷᠢᠳᠬᠡᠬᠦ ᠵᠢᠴᠢ ᠵᠢᠱᠢᠭᠳᠡᠭᠴᠢ ᠶᠢ ᠲᠣᠭᠲᠠᠭᠠᠬᠤ ᠵᠡᠷᠭᠡ ᠠᠵᠢᠯ ᠢ ᠬᠢᠨᠠᠮᠠᠭᠠᠶ ᠥᠷᠨᠢᠭᠦᠯᠪᠡ᠃    ᠬᠠᠤᠯᠢ ᠶᠣᠰᠣᠭᠠᠷ ᠲᠥᠪ ᠴᠢᠩᠭ᠎ᠠ ᠪᠠᠷ ᠪᠢᠯᠧᠲ ᠥᠭᠴᠦ ᠬᠠᠤᠯᠢ ᠶᠣᠰᠣᠭᠠᠷ ᠰᠣᠩᠭᠤᠪᠡ᠃ ᠰᠣᠩᠭᠤᠭᠤᠯᠢ ᠶᠢᠨ ᠲᠤᠬᠠᠢ ᠶᠢᠨ ᠲᠠᠯᠠᠪᠠᠢ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠭᠦᠸᠧ ᠯᠢᠶᠠᠩ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠠᠵᠢᠯ ᠤᠨ ᠵᠥᠪᠯᠡᠯ ᠤᠨ ᠡᠷᠬᠢᠯᠡᠭᠴᠢ ᠸᠠᠩ ᠼᠠᠩ ᠯᠢᠨ ᠬᠤᠶᠠᠷ ᠤᠳᠤᠷᠢᠳᠤᠯᠭ᠎ᠠ ᠪᠡᠶ᠎ᠡ ᠪᠠᠷ ᠢᠶᠠᠨ ᠲᠤᠬᠠᠢ ᠶᠢᠨ ᠲᠠᠯᠠᠪᠠᠢ ᠳᠤ ᠬᠦᠷᠴᠦ ᠵᠢᠭᠠᠨ ᠵᠢᠯᠣᠭᠤᠳᠴᠤ᠂ ᠠᠭᠤᠷ ᠠᠮᠢᠰᠬᠤᠯ ᠲᠥᠪ ᠬᠢᠴᠢᠶᠡᠩᠭᠦᠢ ᠡᠶ᠎ᠡ ᠵᠣᠬᠢᠴᠠᠩᠭᠤᠢ ᠪᠠᠶᠢᠵᠤ᠂ ᠥᠷᠭᠡᠨ ᠤᠯᠠᠨ ᠰᠣᠩᠭᠤᠭᠤᠯᠢ ᠶᠢᠨ ᠠᠷᠠᠳ ᠬᠠᠤᠯᠢ ᠴᠠᠭᠠᠵᠠ ᠠᠴᠠ ᠣᠯᠭᠤᠭᠰᠠᠨ ᠡᠷᠬᠡ ᠪᠠᠨ ᠢᠳᠡᠪᠬᠢᠲᠡᠢ ᠭᠦᠢᠴᠡᠳᠬᠡᠵᠦ᠂ ᠰᠣᠩᠭᠤᠭᠤᠯᠢ ᠶᠢᠨ ᠲᠣᠭᠤᠷᠢᠭ ᠲᠤ ᠠᠷᠢᠭᠤᠨ ᠲᠠᠷᠬᠠᠨ ᠪᠢᠯᠧᠲ ᠥᠭᠴᠦ᠂ ᠥᠪᠡᠷ ᠤᠨ ᠰᠡᠳᠬᠢᠯ ᠬᠠᠨᠤᠮᠵᠢᠲᠠᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠨ ᠰᠣᠩᠭᠤᠨ ᠭᠠᠷᠭᠠᠪᠠ᠃ ᠲᠤᠰ ᠤᠳᠠᠭ᠎ᠠ ᠶᠢᠨ ᠨᠥᠬᠦᠪᠥᠷᠢᠯᠡᠨ ᠰᠣᠩᠭᠤᠬᠤ ᠳᠤ ᠨᠢᠭᠤᠴᠠ ᠰᠣᠩᠭᠤᠭᠤᠯᠢ ᠶᠢᠨ ᠠᠷᠭ᠎ᠠ ᠶᠢ ᠬᠡᠷᠡᠭᠯᠡᠵᠦ᠂ ᠪᠦᠬᠦ᠋ᠢᠯᠡ ᠰᠣᠩᠭᠤᠭᠤᠯᠢ ᠶᠢᠨ ᠶᠠᠪᠤᠴᠠ ᠶᠢ ᠬᠠᠤᠯᠢ ᠲᠣᠭᠲᠠᠭᠠᠯ ᠶᠣᠰᠣᠭᠠᠷ᠂ ᠢᠯᠡ ᠲᠣᠳᠣ ᠪᠠᠶᠢᠯᠭᠠᠵᠤ᠂ ᠰᠣᠩᠭᠤᠭᠤᠯᠢ ᠶᠢᠨ ᠠᠷᠠᠳ ᠤᠨ ᠰᠣᠩᠭᠤᠭᠤᠯᠢ ᠳᠤ ᠣᠷᠣᠯᠴᠠᠬᠤ ᠨᠤᠷᠮ᠎ᠠ ᠥᠨᠳᠥᠷ᠂ ᠵᠢᠱᠢᠭᠳᠡᠭᠴᠢ ᠶᠢᠨ ᠤᠯᠬᠤ ᠨᠤᠷᠮ᠎ᠠ ᠥᠨᠳᠥᠷ᠂ ᠰᠣᠩᠭᠤᠭᠤᠯᠢ ᠶᠢᠨ ᠣᠷᠴᠢᠨ ᠲᠣᠭᠤᠷᠢᠨ ᠲᠥᠪ ᠴᠢᠬᠡᠴᠢ᠂ ᠰᠣᠩᠭᠤᠭᠤᠯᠢ ᠶᠢᠨ ᠦᠷ᠎ᠡ ᠳ᠋ᠦᠩ ᠠᠷᠠᠳ ᠬᠠᠨᠤᠮᠵᠢᠲᠠᠢ ᠪᠠᠶᠢᠪᠠ᠃    ᠲᠣᠰ ᠤᠳᠠᠭᠠᠨ ᠤ ᠨᠥᠬᠦᠨ ᠰᠣᠩᠭᠤᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠨᠢ ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠪᠠ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠬᠦ ᠶᠢ ᠦᠢᠯᠡᠳᠦᠯᠭᠡᠵᠢᠭᠦᠯᠬᠦ ᠶᠢᠨ ᠴᠢᠬᠤᠯᠠ ᠢᠯᠡᠷᠡᠯ ᠪᠣᠯᠤᠨ᠎ᠠ᠃ ᠳᠠᠷᠠᠭᠠᠴᠢ ᠶᠢᠨ ᠠᠯᠬᠤᠮ ᠳᠤ᠂ ᠸᠧᠨᠴᠢᠤᠸᠠᠨ ᠵᠡᠭᠡᠯᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠡᠨᠡ ᠬᠦ ᠲᠠᠪᠴᠠᠩ ᠢ ᠤᠯᠠᠮ ᠴᠢᠨᠠᠭᠰᠢᠳᠠ ᠰᠠᠶᠢᠲᠤᠷ ᠪᠠᠶᠢᠭᠤᠯᠵᠤ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠬᠠᠯᠠᠭᠤᠨ ᠰᠡᠳᠬᠢᠯᠭᠡ ᠶᠢ ᠬᠥᠭᠵᠢᠭᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠷᠢᠭᠤᠴᠠᠯᠭ᠎ᠠ ᠡᠭᠦᠷᠭᠡᠯᠡᠯ ᠢ ᠦᠢᠯᠡᠳᠦᠯᠭᠡᠵᠢᠭᠦᠯᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃
 
ᠢᠷᠡᠯᠲᠡ᠄ ᠷᠡᠰᠢᠶᠠᠨ ᠬᠤᠲᠠ ᠶᠢᠨ ᠸᠧᠨᠴᠢᠣᠸᠠᠨ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号