ᠡᠪᠦᠯ ᠤᠨ ᠤᠯᠠᠷᠢᠯ ᠳᠤ ᠤᠯᠠᠨ ᠡᠬᠦᠰᠳᠡᠭ ᠨᠣᠷᠧ ᠸᠢᠷᠦ᠋ᠰ ᠢ ᠬᠡᠷᠬᠢᠨ ᠰᠡᠷᠭᠡᠶᠢᠯᠡᠬᠦ ᠪᠣᠶ︖ | ᠨᠣᠷᠧ ᠸᠢᠷᠦ᠋ᠰ ᠪᠣᠯ ᠰᠤᠷᠭᠠᠭᠤᠯᠢ ᠪᠠ ᠬᠡᠦᠬᠡᠳ ᠰᠠᠭᠠᠲᠠᠭᠤᠯᠬᠤ ᠪᠠᠶᠢᠭᠤᠯᠤᠮᠵᠢ ᠵᠡᠷᠭᠡ ᠬᠥᠮᠥᠨ ᠣᠯᠠᠨ | ᠴᠤᠭᠯᠠᠷᠠᠳᠠᠭ ᠭᠠᠵᠠᠷ ᠲᠤ ᠡᠬᠦᠰᠳᠡᠭ ᠲᠦᠷᠭᠡᠨ ᠴᠢᠨᠠᠷᠲᠠᠢ ᠬᠤᠳᠣᠭᠤᠳᠤ ᠭᠡᠳᠡᠰᠦᠨ ᠤ ᠦᠷᠪᠢᠰᠦᠯ ᠤᠨ ᠭᠤᠣᠯ | ᠡᠪᠡᠳᠴᠢᠨ ᠡᠭᠦᠰᠬᠡᠭᠴᠢ ᠮᠥᠨ᠂ ᠲᠡᠷᠡ ᠨᠢ ᠨᠡᠯᠢᠶᠡᠳ ᠥᠨᠳᠥᠷ ᠬᠠᠯᠳᠠᠪᠤᠷᠢᠯᠠᠬᠤ ᠴᠢᠨᠠᠷ ᠪᠠ ᠲᠦᠷᠭᠡᠨ | ᠬᠠᠯᠳᠠᠪᠤᠷᠢᠯᠠᠬᠤ ᠴᠢᠳᠠᠪᠤᠷᠢ ᠲᠠᠢ ᠪᠠᠶᠢᠵᠤ᠂ ᠬᠥᠮᠥᠰ ᠲᠤ ᠨᠡᠶᠢᠳᠡᠮ ᠠᠮᠠᠷᠬᠠᠨ ᠬᠠᠯᠳᠠᠪᠤᠷᠢᠯᠠᠭᠳᠠᠬᠤ ᠮᠥᠷᠲᠡᠭᠡᠨ | ᠬᠠᠯᠳᠠᠪᠤᠷᠢᠯᠠᠭᠰᠠᠨ ᠤ ᠳᠠᠷᠠᠭ᠎ᠠ ᠡᠭᠡᠯᠢᠯᠡᠭᠡ ᠶᠢᠨ ᠬᠠᠮᠠᠭᠠᠯᠠᠯᠲᠠ ᠶᠢᠨ ᠴᠠᠭ ᠨᠢ ᠣᠬᠤᠷ ᠪᠠᠶᠢᠵᠤ᠂ ᠡᠪᠦᠯ ᠤᠨ | ᠤᠯᠠᠷᠢᠯ ᠳᠤ ᠨᠠᠩ ᠴᠤ ᠣᠯᠠᠨ ᠡᠭᠦᠰᠳᠡᠭ᠃ ᠳᠡᠭᠡᠪᠡᠯ ᠨᠣᠷᠧ ᠸᠢᠷᠦ᠋ᠰ ᠬᠠᠯᠳᠠᠪᠤᠷᠢᠯᠠᠬᠤ ᠶᠢ ᠬᠡᠷᠬᠢᠨ ᠰᠡᠷᠭᠡᠶᠢᠯᠡᠬᠦ | ᠪᠣᠶ︖ ᠰᠤᠷᠭᠠᠭᠤᠯᠢ ᠬᠡᠷᠬᠢᠨ ᠠᠷᠭᠠᠴᠠᠭᠠᠪᠠᠯ ᠵᠣᠬᠢᠬᠤ ᠪᠣᠶ︖ | ᠪᠡᠭᠡᠵᠢᠩ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠲᠠᠨᠢᠯᠴᠠᠭᠤᠯᠤᠭᠰᠠᠨ ᠢᠶᠠᠷ᠂ | ᠨᠣᠷᠧ ᠸᠢᠷᠦ᠋ᠰ ᠭᠤᠣᠯᠳᠠᠭᠤ ᠪᠣᠬᠢᠷᠲᠤᠭᠰᠠᠨ ᠢᠳᠡᠭᠡᠨ᠂ ᠤᠰᠤ᠂ ᠡᠪᠡᠳᠴᠢᠲᠡᠨ ᠤ ᠢᠯᠭᠠᠳᠠᠰᠤ ᠪᠤᠶᠤ | ᠪᠥᠭᠡᠯᠵᠢᠰᠦ ᠲᠠᠢ ᠬᠦᠷᠦᠯᠴᠡᠭᠰᠡᠨ᠂ ᠡᠰᠡᠬᠦᠯ᠎ᠡ ᠪᠣᠬᠢᠷᠲᠤᠭᠰᠠᠨ ᠭᠠᠷ᠂ ᠪᠣᠳᠠᠰ ᠪᠤᠶᠤ ᠬᠡᠷᠡᠭᠰᠡᠯ ᠲᠠᠢ ᠬᠦᠷᠦᠯᠴᠡᠭᠰᠡᠨ | ᠵᠢᠴᠢ ᠪᠥᠭᠡᠯᠵᠢᠰᠦ ᠪᠤᠶᠤ ᠪᠠᠭᠠᠰᠤ ᠠᠴᠠ ᠡᠭᠦᠰᠦᠭᠰᠡᠨ ᠬᠡᠢ ᠴᠠᠪᠠᠤᠯᠢᠭ ᠠᠭᠤᠰᠤᠮᠠᠯ ᠵᠡᠷᠭᠡ ᠠᠴᠠ ᠬᠠᠯᠳᠠᠪᠤᠷᠢᠯᠠᠳᠠᠭ᠃ | ᠣᠨᠴᠠᠭᠠᠶᠢᠯᠠᠨ ᠠᠩᠬᠠᠷᠬᠤ ᠴᠢᠬᠤᠯᠠᠲᠠᠢ ᠵᠦᠢᠯ ᠭᠡᠪᠡᠯ ᠮᠥᠯᠢ ᠬᠢᠰᠤᠭ᠎ᠠ ᠵᠡᠷᠭᠡ ᠬᠢᠰᠤᠭ᠎ᠠ ᠶᠢᠨ ᠲᠥᠷᠥᠯ ᠨᠢ | ᠲᠡᠯᠡᠶ ᠶᠢᠨ ᠤᠰᠤᠨ ᠳᠠᠬᠢ ᠨᠣᠷᠧ ᠸᠢᠷᠦ᠋ᠰ ᠢ ᠡᠯᠪᠡᠭ ᠴᠤᠭᠯᠠᠭᠤᠯᠤᠭᠰᠠᠨ ᠪᠠᠶᠢᠵᠤ᠂ ᠠᠶᠤᠯ ᠲᠦᠭᠰᠢᠭᠦᠷᠢ ᠶᠡᠬᠡᠲᠡᠢ | ᠢᠳᠡᠭᠡᠨ ᠪᠣᠯᠣᠨ᠎ᠠ ᠭᠡᠪᠡ᠃ | ᠪᠡᠭᠡᠵᠢᠩ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠬᠠᠯᠳᠠᠪᠤᠷᠢᠲᠤ ᠡᠪᠡᠳᠴᠢᠨ ᠤ | ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ ᠡᠵᠡᠮᠳᠡᠬᠦ ᠭᠠᠵᠠᠷ ᠤᠨ ᠳᠡᠳ᠋ ᠳᠠᠷᠤᠭ᠎ᠠ ᠵᠢᠶᠠ ᠯᠧᠢ ᠬᠡᠯᠡᠬᠦ ᠳᠡᠭᠡᠨ᠂ | ᠬᠥᠮᠥᠨ ᠨᠣᠷᠧ ᠸᠢᠷᠦ᠋ᠰ ᠲᠤ ᠬᠠᠯᠳᠠᠪᠤᠷᠢᠯᠠᠭᠳᠠᠭᠰᠠᠨ ᠤ ᠳᠠᠷᠠᠭ᠎ᠠ ᠲᠦᠷᠭᠡᠨ ᠴᠢᠨᠠᠷᠲᠠᠢ ᠬᠤᠳᠣᠭᠤᠳᠤ ᠭᠡᠳᠡᠰᠦᠨ ᠤ | ᠦᠷᠪᠢᠰᠦᠯ ᠳᠤ ᠨᠡᠷᠪᠡᠭᠳᠡᠵᠦ ᠮᠡᠳᠡᠨ᠎ᠡ᠂ ᠶᠡᠷᠦ ᠳᠡᠭᠡᠨ 12 — 48 ᠴᠠᠭ ᠤᠨ ᠳᠣᠲᠣᠷ᠎ᠠ ᠡᠪᠡᠳᠴᠢᠨ ᠤ ᠢᠯᠡᠷᠡᠯ | ᠭᠠᠷᠳᠠᠭ᠂ ᠬᠠᠮᠤᠭ ᠤᠨ ᠦᠷᠭᠦᠯᠵᠢ ᠲᠣᠬᠢᠶᠠᠯᠳᠤᠳᠠᠭ ᠡᠪᠡᠳᠴᠢᠨ ᠤ ᠢᠯᠡᠷᠡᠯ ᠪᠣᠯ ᠰᠠᠭᠤᠯᠭᠠᠬᠤ ᠪᠠ ᠪᠥᠭᠡᠯᠵᠢᠬᠦ | ᠪᠣᠯᠣᠨ᠎ᠠ᠂ ᠳᠠᠷᠠᠭᠠᠯᠠᠪᠠᠯ ᠳᠤᠷ᠎ᠠ ᠪᠣᠯᠭᠢᠬᠤ᠂ ᠭᠡᠳᠡᠰᠦ ᠡᠪᠡᠳᠬᠦ᠂ ᠲᠣᠯᠣᠭᠠᠢ ᠡᠪᠡᠳᠬᠦ᠂ ᠬᠠᠯᠠᠭᠤᠷᠠᠬᠤ᠂ ᠳᠠᠭᠠᠷᠠᠳᠠᠰᠤ | ᠬᠦᠷᠬᠦ ᠪᠠ ᠪᠤᠯᠴᠢᠩ ᠮᠢᠬ᠎ᠠ ᠱᠠᠷᠬᠢᠷᠠᠨ ᠡᠪᠡᠳᠬᠦ ᠵᠡᠷᠭᠡ ᠪᠣᠯᠣᠨ᠎ᠠ︔ ᠡᠭᠦᠨ ᠳᠤ ᠪᠠᠶᠢᠩᠭᠤ ᠲᠣᠬᠢᠶᠠᠯᠳᠤᠳᠠᠭ | ᠡᠪᠡᠳᠴᠢᠨ ᠤ ᠢᠯᠡᠷᠡᠯ ᠪᠣᠯ ᠰᠠᠭᠤᠯᠭᠠᠬᠤ ᠪᠠ ᠪᠥᠭᠡᠯᠵᠢᠬᠦ᠂ ᠳᠠᠷᠠᠭᠠᠯᠠᠪᠠᠯ ᠳᠤᠷ᠎ᠠ ᠪᠣᠯᠭᠢᠬᠤ᠂ ᠭᠡᠳᠡᠰᠦ ᠡᠪᠡᠳᠬᠦ᠂ | ᠲᠣᠯᠣᠭᠠᠢ ᠡᠪᠡᠳᠬᠦ᠂ ᠬᠠᠯᠠᠭᠤᠷᠠᠬᠤ᠂ ᠳᠠᠭᠠᠷᠠᠳᠠᠰᠤ ᠬᠦᠷᠬᠦ ᠪᠠ ᠪᠤᠯᠴᠢᠩ ᠮᠢᠬ᠎ᠠ ᠱᠠᠷᠬᠢᠷᠠᠨ ᠡᠪᠡᠳᠬᠦ ᠵᠡᠷᠭᠡ | ᠪᠣᠯᠣᠨ᠎ᠠ︔ ᠬᠡᠦᠬᠡᠳ ᠨᠠᠰᠤᠨ ᠳᠤ ᠬᠦᠷᠦᠭᠰᠡᠳ ᠠᠴᠠ ᠨᠡᠩ ᠠᠮᠠᠷᠬᠠᠨ ᠪᠥᠭᠡᠯᠵᠢᠬᠦ ᠢᠯᠡᠷᠡᠯ ᠭᠠᠷᠳᠠᠭ ᠭᠡᠪᠡ᠃ | ᠵᠢᠶᠠ ᠯᠧᠢ᠄ ︽ᠨᠣᠷᠧ ᠸᠢᠷᠦ᠋ᠰ ᠤᠨ ᠲᠦᠷᠭᠡᠨ ᠴᠢᠨᠠᠷᠳᠠᠢ ᠬᠤᠳᠣᠭᠤᠳᠤ ᠭᠡᠳᠡᠰᠦᠨ ᠤ ᠦᠷᠪᠢᠰᠦᠯ ᠪᠣᠯ | ᠥᠪᠡᠷ ᠢ ᠪᠠᠨ ᠬᠢᠵᠠᠭᠠᠷᠯᠠᠬᠤ ᠴᠢᠨᠠᠷᠲᠠᠢ ᠡᠪᠡᠳᠴᠢᠨ ᠮᠥᠨ᠂ ᠡᠪᠡᠳᠴᠢᠨ ᠤ ᠪᠠᠶᠢᠳᠠᠯ ᠨᠢ ᠬᠥᠩᠭᠡᠨ᠂ ᠶᠡᠷᠦ ᠳᠡᠭᠡᠨ | 2 ᠠᠴᠠ 3 ᠡᠳᠦᠷ ᠠᠮᠠᠷᠠᠪᠠᠯ ᠳᠠᠷᠤᠢ ᠡᠳᠡᠭᠡᠷᠡᠳᠡᠭ᠂ ᠭᠡᠪᠡᠴᠦ ᠦᠨᠳᠦᠷ ᠨᠠᠰᠤᠲᠠᠨ᠂ ᠪᠠᠭ᠎ᠠ ᠨᠠᠰᠤᠨ ᠤ ᠬᠡᠦᠬᠡᠳ | ᠪᠤᠶᠤ ᠰᠠᠭᠤᠷᠢ ᠴᠢᠨᠠᠷᠲᠠᠢ ᠡᠪᠡᠳᠴᠢᠨ ᠲᠠᠢ ᠡᠪᠡᠳᠴᠢᠲᠡᠨ ᠤ ᠡᠳᠡᠭᠡᠷᠡᠬᠦ ᠨᠢ ᠤᠳᠠᠭᠠᠨ᠂ ᠣᠨᠴᠠ ᠵᠠᠷᠢᠮ | ᠡᠪᠡᠳᠴᠢᠨ ᠤ ᠵᠢᠱᠢᠶ᠎ᠡ ᠨᠢ ᠬᠦᠨᠳᠦ ᠡᠪᠡᠳᠴᠢᠨ ᠪᠤᠯᠵᠦ ᠬᠤᠪᠢᠷᠠᠬᠤ ᠪᠣᠯᠣᠯᠴᠠᠭ᠎ᠠ ᠲᠠᠢ᠃ ᠣᠳᠣᠬᠠᠨ ᠳᠤ ᠨᠣᠷᠧ | ᠸᠢᠷᠦ᠋ᠰ ᠢ ᠰᠡᠷᠭᠡᠶᠢᠯᠡᠬᠦ ᠸᠠᠺᠼᠢᠨ ᠪᠠᠶᠢᠬᠤ ᠦᠭᠡᠢ᠂ ᠬᠠᠯᠳᠠᠪᠤᠷᠢᠯᠠᠭᠳᠠᠭᠰᠠᠨ ᠤ ᠳᠠᠷᠠᠭ᠎ᠠ ᠪᠠᠰᠠ ᠬᠡᠷᠡᠭᠯᠡᠵᠦ ᠪᠣᠯᠬᠤ | ᠣᠨᠴᠠ ᠲᠤᠰᠠᠲᠠᠢ ᠡᠮ ᠪᠠᠶᠢᠬᠤ ᠦᠭᠡᠢ᠂ ᠡᠶᠢᠮᠦ ᠠᠴᠠ ᠰᠢᠩᠭᠡᠨ ᠨᠥᠬᠦᠬᠦ ᠪᠠ ᠡᠪᠡᠳᠴᠢᠨ ᠳᠤᠨᠢ ᠲᠠᠭᠠᠷᠠᠭᠤᠯᠵᠤ | ᠡᠮᠨᠡᠨ ᠵᠠᠰᠠᠬᠤ ᠪᠠᠷ ᠭᠤᠣᠯ ᠪᠣᠯᠭᠠᠵᠤ ᠪᠠᠶᠢᠨ᠎ᠠ᠂ ᠭᠡᠪᠡᠴᠦ ᠤᠰᠤ ᠠᠯᠳᠠᠬᠤ ᠨᠢ ᠬᠦᠨᠳᠦ ᠨᠣᠴᠢᠲᠠᠢ ᠪᠣᠯ | ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠡᠮᠨᠡᠭᠦᠯᠬᠦ ᠬᠡᠷᠡᠭᠲᠡᠢ︾ ᠭᠡᠵᠤ ᠰᠠᠨᠠᠭᠤᠯᠪᠠ᠃ | ᠲᠤᠰᠬᠠᠢ ᠮᠡᠷᠭᠡᠵᠢᠯᠲᠡᠨ ᠤ ᠬᠡᠯᠡᠬᠦ ᠪᠠᠷ᠂ ᠨᠣᠷᠧ ᠸᠢᠷᠦ᠋ᠰ ᠤᠨ ᠬᠠᠯᠳᠠᠪᠤᠷᠢᠯᠠᠯ ᠢ ᠰᠡᠷᠭᠡᠶᠢᠯᠡᠬᠦ ᠳᠤ ᠭᠡᠷ ᠤᠨ | ᠠᠬᠠᠮᠠᠳ ᠶᠠᠭᠤᠨ ᠤ ᠡᠮᠦᠨ᠎ᠡ ᠬᠡᠦᠬᠡᠳ ᠢᠶᠠᠨ ᠬᠤᠭᠤᠯᠠᠨ ᠤ ᠡᠮᠦᠨ᠎ᠡ ᠬᠤᠶᠢᠨ᠎ᠠ ᠰᠠᠪᠤᠩ ᠢᠶᠠᠷ ᠭᠠᠷ ᠢᠶᠠᠨ ᠰᠠᠶᠢᠲᠤᠷ | ᠤᠬᠢᠶᠠᠬᠤ ᠰᠠᠶᠢᠨ ᠳᠠᠳᠬᠠᠯ ᠲᠠᠢ ᠪᠣᠯᠭᠠᠬᠤ ᠬᠡᠷᠡᠭᠲᠡᠢ᠂ ᠠᠷᠢᠭᠤᠳᠬᠠᠯ ᠤᠨ ᠴᠠᠭᠠᠰᠤ ᠪᠠ ᠠᠷᠢᠭᠤᠳᠬᠠᠯ ᠤᠨ | ᠰᠢᠩᠭᠡᠨ ᠢᠶᠠᠷ ᠭᠠᠷ ᠢᠶᠠᠨ ᠤᠬᠢᠶᠠᠬᠤ ᠶᠢ ᠣᠷᠣᠯᠠᠭᠤᠯᠵᠤ ᠪᠣᠯᠬᠤ ᠦᠭᠡᠢ᠂ ᠡᠭᠦᠨ ᠤ ᠬᠠᠮᠲᠤ ᠬᠡᠦᠬᠡᠳ ᠤᠨ ᠪᠡᠶ᠎ᠡ ᠶᠢᠨ | ᠲᠠᠮᠢᠷ ᠤᠨ ᠪᠣᠯᠪᠠᠰᠤᠷᠠᠯ ᠢ ᠴᠢᠩᠭᠠᠳᠬᠠᠵᠤ᠂ ᠢᠳᠡᠭᠡᠨ ᠤᠮᠳᠠᠭᠠᠨ ᠢ ᠨᠢ ᠲᠡᠩᠴᠡᠭᠦᠯᠵᠦ᠂ ᠠᠵᠢᠯᠯᠠᠵᠤ | ᠠᠮᠠᠷᠠᠬᠤ ᠶᠢ ᠨᠢ ᠵᠣᠬᠢᠴᠠᠭᠤᠯᠵᠤ᠂ ᠪᠡᠶ᠎ᠡ ᠮᠠᠬᠠᠪᠤᠳ ᠤᠨ ᠡᠪᠡᠳᠴᠢᠨ ᠢ ᠡᠰᠡᠷᠭᠦᠴᠡᠬᠦ ᠴᠢᠳᠠᠪᠤᠷᠢ ᠶᠢ ᠨᠢ | ᠳᠡᠭᠡᠭᠰᠢᠯᠡᠭᠦᠯᠬᠦ ᠬᠡᠷᠡᠭᠲᠡᠢ ᠭᠡᠪᠡ᠃ | ᠡᠭᠦᠨ ᠠᠴᠠ ᠭᠠᠳᠠᠨ᠎ᠠ᠂ ᠬᠡᠦᠬᠡᠳ ᠲᠤ ᠰᠠᠨᠠᠭᠤᠯᠬᠤ ᠨᠢ᠂ ᠠᠩᠭᠢ ᠶᠢᠨ ᠳᠣᠲᠣᠷᠠᠬᠢ ᠬᠠᠮᠲᠤ ᠰᠣᠷᠣᠭᠴᠢ | ᠪᠥᠭᠡᠯᠵᠢᠬᠦ ᠦᠶ᠎ᠡ ᠳᠤ ᠪᠠᠭᠰᠢ ᠶᠢᠨ ᠵᠢᠯᠣᠭᠤᠳᠤᠯᠭ᠎ᠠ ᠳᠣᠣᠷ᠎ᠠ ᠵᠠᠪᠠᠯ ᠲᠤᠬᠠᠢ ᠶᠢᠨ ᠲᠠᠯᠠᠪᠤᠷ ᠠᠴᠠ ᠲᠦᠷᠭᠡᠨ ᠪᠥᠭᠡᠳ | ᠡᠮᠬᠢ ᠵᠢᠷᠤᠮ ᠲᠠᠢ ᠪᠠᠷ ᠰᠠᠯᠵᠤ᠂ ᠳᠤᠰᠬᠠᠢ ᠬᠦᠮᠦᠨ ᠠᠮᠠᠪᠴᠢ ᠪᠡᠭᠡᠯᠡᠢ ᠵᠡᠷᠭᠡ ᠬᠠᠮᠠᠭᠠᠯᠠᠯᠲᠠ ᠶᠢᠨ ᠬᠡᠷᠡᠭᠰᠡᠯ | ᠵᠡᠭᠦᠭᠰᠡᠨ ᠤᠷᠢᠲᠠᠯ ᠳᠣᠣᠷ᠎ᠠ ᠪᠥᠭᠡᠯᠵᠢᠰᠦ ᠵᠢᠴᠢ ᠪᠣᠬᠢᠷᠲᠤᠭᠰᠠᠨ ᠭᠠᠵᠠᠷ᠂ ᠡᠳ᠋ ᠪᠣᠳᠠᠰ ᠵᠡᠷᠭᠡ ᠶᠢ ᠾᠯᠣᠷ | ᠠᠭᠤᠯᠤᠭᠰᠠᠨ ᠨᠠᠶᠢᠷᠠᠯᠭ᠎ᠠ ᠪᠠᠷ ᠵᠢᠷᠤᠮᠵᠢᠭᠤᠯᠤᠨ ᠠᠷᠢᠭᠤᠳᠬᠠᠵᠤ᠂ ᠸᠢᠷᠦ᠋ᠰ ᠬᠠᠯᠳᠠᠪᠤᠷᠢᠯᠠᠬᠤ ᠪᠣᠯᠣᠮᠵᠢ ᠶᠢ | ᠪᠠᠭᠠᠰᠬᠠᠬᠤ ᠬᠡᠷᠡᠭᠲᠡᠢ ᠬᠡᠪᠡ᠃ | ᠪᠡᠭᠡᠵᠢᠩ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ ᠰᠠᠨᠠᠭᠤᠯᠤᠭᠰᠠᠨ ᠨᠢ᠂ | ᠡᠯ᠎ᠡ ᠰᠤᠷᠭᠠᠭᠤᠯᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠰᠥᠯ ᠵᠢᠴᠢ ᠪᠠᠴᠢᠮ ᠪᠠᠶᠢᠳᠠᠯ ᠢ | ᠠᠷᠭᠠᠴᠠᠭᠠᠬᠤ ᠲᠥᠰᠥᠯ ᠲᠣᠭᠲᠠᠭᠠᠵᠤ᠂ ᠥᠷᠯᠥᠭᠡ ᠦᠳᠡ ᠶᠢᠨ ᠪᠠᠶᠢᠴᠠᠭᠠᠯᠲᠠ᠂ ᠠᠵᠢᠯ ᠠᠴᠠ ᠰᠠᠭᠠᠲᠠᠭᠰᠠᠨ | ᠳᠠᠩᠰᠠᠯᠠᠯᠲᠠ᠂ ᠡᠪᠡᠳᠴᠢᠨ ᠤ ᠵᠢᠱᠢᠶ᠎ᠡ ᠶᠢ ᠮᠥᠷᠳᠡᠬᠦ ᠵᠢᠴᠢ ᠬᠢᠴᠢᠶᠡᠯ ᠰᠡᠷᠭᠦᠭᠡᠭᠰᠡᠨ ᠭᠡᠷᠡᠴᠢ ᠶᠢ ᠪᠠᠶᠢᠴᠠᠭᠠᠨ | ᠰᠢᠯᠭᠠᠬᠤ ᠵᠡᠷᠭᠡ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠭᠦᠢᠴᠡᠳ ᠪᠥᠭᠡᠳ ᠪᠦᠲᠦᠮᠵᠢᠲᠡᠶ | ᠠᠷᠢᠭᠤᠳᠬᠠᠬᠤ ᠡᠳ᠋ ᠪᠣᠳᠠᠰ ᠵᠢᠴᠢ ᠬᠤᠪᠢ ᠬᠥᠮᠥᠨ ᠤ ᠬᠠᠮᠠᠭᠠᠯᠠᠯᠲᠠ ᠶᠢᠨ ᠡᠳ᠋ ᠪᠣᠳᠠᠰ ᠢ ᠲᠣᠬᠢᠷᠠᠭᠤᠯᠵᠤ᠂ | ᠰᠤᠷᠭᠠᠭᠤᠯᠢ ᠶᠢᠨ ᠳᠣᠲᠣᠷᠠᠬᠢ ᠬᠢᠴᠢᠶᠡᠯ ᠤᠨ ᠭᠡᠷ᠂ ᠪᠠᠶᠢᠷᠢ᠂ ᠬᠤᠭᠤᠯᠠᠨ ᠭᠡᠷ᠂ ᠠᠷᠢᠭᠤᠨ ᠴᠡᠪᠡᠷ ᠤᠨ ᠲᠠᠰᠤᠯᠭ᠎ᠠ | ᠵᠡᠷᠭᠡ ᠭᠤᠣᠯᠳᠠᠯᠭ᠎ᠠ ᠲᠠᠢ ᠣᠯᠠᠨ ᠨᠡᠶᠢᠲᠡ ᠶᠢᠨ ᠲᠠᠯᠠᠪᠤᠷ ᠤᠨ ᠡᠭᠦᠳᠡᠨ ᠪᠠᠷᠢᠭᠤᠯ᠂ ᠠᠰᠠᠷ ᠤᠨ ᠱᠠᠲᠤᠨ ᠤ | ᠲᠦᠰᠢᠭᠦᠷ᠂ ᠤᠰᠤᠨ ᠲᠠᠲᠠᠭᠠᠯ᠂ ᠵᠣᠷᠯᠣᠩ ᠤᠨ ᠰᠠᠪᠠ᠂ ᠴᠠᠬᠢᠯᠭᠠᠨ ᠱᠠᠲᠤᠨ ᠤ ᠳᠠᠷᠤᠭᠤᠯ ᠵᠡᠷᠭᠡ ᠶᠢ ᠲᠣᠭᠲᠠᠮᠠᠯ | ᠬᠤᠭᠤᠴᠠᠭ᠎ᠠ ᠲᠠᠢ ᠪᠠᠷ ᠴᠡᠪᠡᠷᠯᠡᠨ ᠠᠷᠢᠭᠤᠳᠬᠠᠬᠤ ᠬᠡᠷᠡᠭᠲᠡᠢ ᠭᠡᠪᠡ᠃ | |