12 ᠰᠠᠷ᠎ᠠ ᠶᠢᠨ 26 ᠤ ᠡᠳᠦᠷ᠂ ᠷᠡᠰᠢᠶᠠᠨ ᠬᠤᠳᠡ ᠶᠢᠨ ᠸᠧᠨᠴᠢᠤᠸᠠᠨ ᠵᠡᠭᠡᠯᠢ ᠶᠢᠨ ᠬᠢᠨ ᠷᠠᠰᠢᠶᠠᠨ | ᠬᠤᠳᠠ ᠶᠢᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢ ᠨᠥᠬᠦᠵᠦ ᠰᠣᠩᠭᠤᠬᠤ ᠠᠵᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠤᠳᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠱᠠᠭᠠᠷᠳᠠᠯᠭ᠎ᠠ ᠶᠢ ᠦᠨᠳᠦᠰᠦᠯᠡᠨ | ᠂ ᠸᠧᠨᠴᠢᠤᠸᠠᠨ ᠵᠡᠭᠡᠯᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠨᠠᠷᠢᠨ | ᠨᠢᠮᠪᠠᠢ ᠪᠠᠶᠢᠷᠢᠯᠠᠭᠤᠯᠵᠤ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠵᠢᠷᠤᠮᠵᠢᠭᠤᠯᠤᠨ ᠰᠣᠩᠭᠤᠵᠤ᠂ ᠲᠤᠰ ᠲᠤᠰ 18 | ᠰᠣᠩᠭᠤᠭᠤᠯᠢ ᠶᠢᠨ ᠲᠣᠭᠤᠷᠢᠭ ᠲᠤ 4 ᠨᠡᠭᠦᠳᠡᠯ ᠪᠢᠯᠧᠲ ᠤᠨ ᠬᠠᠶᠢᠷᠴᠠᠭ ᠭᠠᠷᠭᠠᠵᠤ᠂ 19 ᠰᠣᠩᠭᠤᠭᠤᠯᠢ ᠶᠢᠨ | ᠲᠣᠭᠤᠷᠢᠭ᠂ 22 ᠰᠣᠩᠭᠤᠭᠤᠯᠢ ᠶᠢᠨ ᠲᠣᠭᠤᠷᠢᠭ ᠲᠤ ᠲᠤᠰ ᠲᠤᠰ 2 ᠨᠡᠭᠦᠳᠡᠯ ᠪᠢᠯᠧᠲ ᠤᠨ ᠬᠠᠶᠢᠷᠴᠠᠭ | ᠭᠠᠷᠭᠠᠵᠤ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ 3 ᠨᠠᠷᠡᠰ | ᠰᠣᠩᠭᠤᠨ ᠭᠠᠷᠭᠠᠪᠠ᠃ | ᠤᠷᠢᠳᠴᠢᠯᠠᠨ ᠲᠦᠯᠦᠪᠯᠡᠵᠦ ᠳᠡᠭᠡᠲᠦ ᠬᠡᠮᠵᠢᠶ᠎ᠡ ᠪᠠᠷ ᠴᠢᠬᠤᠯᠠᠴᠢᠯᠠᠪᠡ᠃ ᠲᠣᠰ ᠤᠳᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠨᠥᠬᠦᠨ ᠰᠣᠩᠭᠤᠬᠤ ᠠᠵᠢᠯ ᠢ ᠬᠠᠤᠯᠢ ᠲᠣᠭᠲᠠᠭᠠᠯ | ᠶᠣᠰᠣᠭᠠᠷ ᠶᠠᠪᠤᠭᠳᠠᠭᠤᠯᠬᠤ ᠶᠢ ᠪᠠᠲᠤᠯᠠᠬᠤ ᠶᠢᠨ ᠲᠥᠯᠥᠭᠡ᠂ ᠸᠧᠨᠴᠢᠤᠸᠠᠨ ᠵᠡᠭᠡᠯᠢ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠬᠤᠲᠠ ᠶᠢᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠨᠢᠭᠡᠳᠦᠯᠲᠡᠶ ᠪᠠᠶᠢᠷᠢᠯᠠᠭᠤᠯᠤᠯᠲᠠ ᠲᠣᠬᠢᠷᠠᠭᠤᠯᠤᠯᠲᠠ ᠶᠣᠰᠣᠭᠠᠷ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠨᠥᠬᠦᠨ ᠰᠣᠩᠭᠤᠬᠤ ᠠᠵᠢᠯ ᠤᠨ ᠳᠤᠭᠤᠶᠢᠯᠠᠩ | ᠪᠠᠶᠢᠭᠤᠯᠵᠤ᠂ ᠪᠣᠯᠪᠠᠰᠤᠷᠠᠯ ᠢ ᠴᠠᠭ ᠲᠤᠬᠠᠶ ᠳᠤᠨᠢ ᠬᠤᠷᠠᠯᠳᠤᠭᠤᠯᠵᠤ᠂ ᠬᠠᠮᠢᠶ᠎ᠠ ᠪᠥᠬᠦᠶ ᠰᠣᠩᠭᠤᠭᠤᠯᠢ ᠶᠢᠨ ᠶᠠᠪᠤᠴᠠ | ᠪᠠ ᠰᠣᠩᠭᠤᠭᠤᠯᠢ ᠶᠢᠨ ᠠᠷᠭ᠎ᠠ ᠶᠢ ᠨᠠᠷᠢᠨ ᠲᠠᠶᠢᠯᠪᠤᠷᠢᠯᠠᠵᠤ᠂ ᠡᠯ᠎ᠡ ᠭᠤᠭᠴᠤᠭ᠎ᠠ ᠶᠢᠨ ᠴᠠᠭ ᠤᠨ ᠵᠠᠩᠭᠢᠶᠠᠰᠤ᠂ | ᠪᠣᠳᠠᠲᠠᠶ ᠠᠭᠤᠯᠭ᠎ᠠ ᠪᠠ ᠠᠩᠬᠠᠷᠬᠤ ᠵᠦᠢᠯᠡᠰ ᠵᠡᠷᠭᠡ ᠶᠢ ᠲᠣᠳᠣᠷᠬᠠᠶᠢᠯᠠᠵᠤ᠂ ᠬᠠᠮᠢᠶ᠎ᠠ ᠪᠥᠬᠦᠶ ᠬᠥᠮᠦᠰ ᠤᠨ ᠲᠣᠰ | ᠤᠳᠠᠭᠠᠨ ᠤ ᠨᠥᠬᠦᠨ ᠰᠣᠩᠭᠤᠬᠤ ᠠᠵᠢᠯ ᠤᠨ ᠶᠠᠪᠤᠴᠠ ᠶᠢ ᠲᠣᠳᠣᠷᠬᠠᠶ ᠣᠶᠢᠯᠠᠭᠠᠬᠤ ᠶᠢ ᠦᠨᠡᠨ ᠬᠦ ᠪᠠᠲᠤᠯᠠᠵᠤ᠂ | ᠨᠥᠬᠦᠨ ᠰᠣᠩᠭᠤᠬᠤ ᠠᠵᠢᠯ ᠢ ᠤᠷᠤᠭᠰᠢᠲᠠᠶ ᠪᠡᠶᠡᠯᠡᠭᠦᠯᠬᠦ ᠳᠤ ᠰᠠᠭᠤᠷᠢ ᠶᠢ ᠪᠠᠲᠤᠳᠬᠠᠪᠠ᠃ | ᠥᠷᠭᠡᠨ ᠢᠶᠠᠷ ᠤᠬᠠᠭᠤᠯᠤᠨ ᠭᠦᠢᠴᠡᠳ ᠳᠠᠶᠢᠴᠢᠯᠠᠪᠡ᠃ ᠨᠥᠬᠦᠨ ᠰᠣᠩᠭᠤᠬᠤ ᠠᠵᠢᠯ ᠤᠨ ᠬᠤᠭᠤᠴᠠᠭᠠᠨ ᠳᠤ᠂ | ᠸᠧᠨᠴᠢᠤᠸᠠᠨ ᠵᠡᠭᠡᠯᠢ ᠶᠢᠨ ᠠᠷᠪᠠᠨ ᠨᠠᠢᠮᠠᠳᠤᠭᠠᠷ᠂ ᠠᠷᠪᠠ ᠶᠢᠰᠦᠳᠦᠭᠡᠷ ᠰᠣᠩᠭᠤᠭᠤᠯᠢ ᠶᠢᠨ ᠲᠣᠭᠤᠷᠢᠭ ᠪᠣᠯᠤᠨ | ᠬᠤᠷᠢᠨ ᠬᠤᠶᠠᠳᠤᠭᠠᠷ ᠰᠣᠩᠭᠤᠭᠤᠯᠢ ᠶᠢᠨ ᠲᠣᠭᠤᠷᠢᠭ ᠨᠢ ᠠᠯᠪᠠᠨ ᠵᠠᠷᠯᠡᠯ ᠨᠠᠭᠠᠬᠤ᠂ ᠡᠷᠦᠬᠡ ᠳᠤ ᠣᠷᠣᠵᠤ | ᠰᠤᠷᠪᠤᠯᠵᠢᠯᠠᠬᠤ᠂ ᠤᠲᠠᠰᠤ ᠪᠠ ᠸᠢᠴᠠᠲ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠠᠰ ᠳᠠᠪᠬᠤᠷᠭ᠎ᠠ ᠪᠠᠷ | ᠳᠠᠶᠢᠴᠢᠯᠠᠨ ᠤᠬᠠᠭᠤᠯᠬᠤ ᠠᠵᠢᠯ ᠢ ᠥᠷᠨᠢᠭᠦᠯᠵᠦ᠂ ᠬᠠᠷᠢᠶ᠎ᠠ ᠣᠷᠣᠨ ᠤ ᠣᠯᠠᠨ ᠲᠦᠮᠡᠨ ᠤ ᠨᠥᠬᠦᠵᠦ ᠰᠣᠩᠭᠤᠬᠤ | ᠠᠵᠢᠯ ᠤᠨ ᠲᠤᠬᠠᠶ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠨ᠂ ᠰᠣᠩᠭᠤᠭᠤᠯᠢ ᠶᠢᠨ ᠠᠷᠠᠳ ᠤᠨ ᠬᠠᠤᠯᠢ ᠶᠣᠰᠣᠭᠠᠷ | ᠡᠷᠬᠡ ᠪᠠᠨ ᠭᠦᠢᠴᠡᠳᠬᠡᠬᠦ ᠶᠢ ᠳᠠᠶᠢᠴᠢᠯᠠᠵᠤ᠂ ︽ᠬᠥᠮᠦᠨ ᠪᠦᠬᠦᠨ ᠣᠶᠢᠯᠠᠭᠠᠵᠤ ᠰᠣᠩᠭᠤᠬᠤ᠂ ᠬᠥᠮᠦᠨ ᠪᠦᠬᠦᠨ | ᠨᠥᠬᠦᠵᠦ ᠰᠣᠩᠭᠤᠬᠤ ᠶᠢ ᠳᠡᠮᠵᠢᠬᠦ᠂ ᠬᠥᠮᠦᠨ ᠪᠦᠬᠦᠨ ᠨᠥᠬᠦᠨ ᠰᠣᠩᠭᠤᠬᠤ ᠳᠤ ᠣᠷᠣᠯᠴᠠᠬᠤ︾ ᠭᠦᠨ ᠵᠤᠵᠠᠭᠠᠨ | ᠠᠭᠤᠷ ᠠᠮᠢᠰᠬᠤᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ | ᠪᠢᠯᠧᠲ ᠥᠭᠴᠦ ᠰᠣᠩᠭᠤᠬᠤ ᠳᠤ ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠦᠨᠡᠨ ᠬᠦ | ᠳᠠᠶᠢᠴᠢᠯᠠᠪᠠ᠃ | ᠴᠢᠩᠭ᠎ᠠ ᠬᠢᠨᠠᠯᠲᠠ ᠲᠠᠯᠪᠢᠵᠤ ᠵᠢᠷᠤᠮᠵᠢᠭᠤᠯᠤᠨ ᠨᠦᠬᠦᠪᠦᠷᠢᠯᠡᠨ ᠰᠤᠩᠭᠤᠵᠤ ᠭᠠᠷᠭᠠᠪᠡ᠃ ᠸᠧᠨᠴᠢᠤᠸᠠᠨ | ᠵᠡᠭᠡᠯᠢ ᠶᠢᠨ ᠬᠢᠨ ︽ᠰᠣᠩᠭᠤᠭᠤᠯᠢ ᠶᠢᠨ ᠬᠠᠤᠯᠢ︾ ᠪᠣᠯᠤᠨ ︽ᠨᠥᠬᠦᠵᠦ ᠰᠣᠩᠭᠤᠬᠤ ᠠᠷᠭ᠎ᠠ︾ ᠶᠢᠨ ᠬᠠᠮᠢᠶ᠎ᠠ | ᠪᠥᠬᠦᠶ ᠲᠣᠭᠲᠠᠭᠠᠯ ᠢ ᠴᠢᠩᠭ᠎ᠠ ᠵᠢᠷᠤᠮᠯᠠᠨ᠂ ᠰᠣᠩᠭᠤᠭᠤᠯᠢ ᠶᠢᠨ ᠠᠷᠠᠳ ᠤᠨ ᠰᠣᠩᠭᠤᠭᠤᠯᠢ ᠶᠢᠨ ᠡᠷᠬᠡ ᠶᠢ ᠬᠠᠤᠯᠢ | ᠶᠣᠰᠣᠭᠠᠷ ᠪᠠᠲᠤᠯᠠᠪᠠ᠃ ᠨᠥᠬᠦᠵᠦ ᠰᠣᠩᠭᠤᠬᠤ ᠡᠯ᠎ᠡ ᠵᠦᠢᠯ ᠤᠨ ᠵᠢᠷᠤᠮ ᠤᠨ ᠱᠠᠭᠠᠷᠳᠠᠯᠭ᠎ᠠ ᠶᠢ ᠴᠢᠩᠳᠠᠯᠠᠵᠤ᠂ | ᠬᠠᠤᠯᠢ ᠪᠠᠷ ᠲᠣᠭᠲᠠᠭᠠᠭᠰᠠᠨ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠬᠠᠷᠭᠤᠭᠤᠯᠵᠤ᠂ ᠰᠣᠩᠭᠤᠭᠤᠯᠢ ᠶᠢᠨ | ᠠᠷᠠᠳ ᠢ ᠳᠠᠶᠢᠴᠢᠯᠠᠬᠤ᠂ ᠰᠣᠩᠭᠤᠭᠤᠯᠢ ᠶᠢᠨ ᠠᠷᠠᠳ ᠢ ᠪᠦᠷᠢᠳᠬᠡᠬᠦ ᠵᠢᠴᠢ ᠵᠢᠱᠢᠭᠳᠡᠭᠴᠢ ᠶᠢ ᠲᠣᠭᠲᠠᠭᠠᠬᠤ ᠵᠡᠷᠭᠡ | ᠠᠵᠢᠯ ᠢ ᠬᠢᠨᠠᠮᠠᠭᠠᠶ ᠥᠷᠨᠢᠭᠦᠯᠪᠡ᠃ | ᠬᠠᠤᠯᠢ ᠶᠣᠰᠣᠭᠠᠷ ᠲᠥᠪ ᠴᠢᠩᠭ᠎ᠠ ᠪᠠᠷ ᠪᠢᠯᠧᠲ ᠥᠭᠴᠦ ᠬᠠᠤᠯᠢ ᠶᠣᠰᠣᠭᠠᠷ ᠰᠣᠩᠭᠤᠪᠡ᠃ | ᠰᠣᠩᠭᠤᠭᠤᠯᠢ ᠶᠢᠨ ᠲᠤᠬᠠᠢ ᠶᠢᠨ ᠲᠠᠯᠠᠪᠠᠢ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠳᠡᠳ᠋ ᠡᠷᠬᠢᠯᠡᠭᠴᠢ ᠸᠠᠩ ᠭᠦᠸᠧ ᠯᠢᠶᠠᠩ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠠᠵᠢᠯ ᠤᠨ | ᠵᠥᠪᠯᠡᠯ ᠤᠨ ᠡᠷᠬᠢᠯᠡᠭᠴᠢ ᠸᠠᠩ ᠼᠠᠩ ᠯᠢᠨ ᠬᠤᠶᠠᠷ ᠤᠳᠤᠷᠢᠳᠤᠯᠭ᠎ᠠ ᠪᠡᠶ᠎ᠡ ᠪᠠᠷ ᠢᠶᠠᠨ ᠲᠤᠬᠠᠢ ᠶᠢᠨ ᠲᠠᠯᠠᠪᠠᠢ ᠳᠤ | ᠬᠦᠷᠴᠦ ᠵᠢᠭᠠᠨ ᠵᠢᠯᠣᠭᠤᠳᠴᠤ᠂ ᠠᠭᠤᠷ ᠠᠮᠢᠰᠬᠤᠯ ᠲᠥᠪ ᠬᠢᠴᠢᠶᠡᠩᠭᠦᠢ ᠡᠶ᠎ᠡ ᠵᠣᠬᠢᠴᠠᠩᠭᠤᠢ ᠪᠠᠶᠢᠵᠤ᠂ ᠥᠷᠭᠡᠨ | ᠤᠯᠠᠨ ᠰᠣᠩᠭᠤᠭᠤᠯᠢ ᠶᠢᠨ ᠠᠷᠠᠳ ᠬᠠᠤᠯᠢ ᠴᠠᠭᠠᠵᠠ ᠠᠴᠠ ᠣᠯᠭᠤᠭᠰᠠᠨ ᠡᠷᠬᠡ ᠪᠠᠨ ᠢᠳᠡᠪᠬᠢᠲᠡᠢ ᠭᠦᠢᠴᠡᠳᠬᠡᠵᠦ᠂ | ᠰᠣᠩᠭᠤᠭᠤᠯᠢ ᠶᠢᠨ ᠲᠣᠭᠤᠷᠢᠭ ᠲᠤ ᠠᠷᠢᠭᠤᠨ ᠲᠠᠷᠬᠠᠨ ᠪᠢᠯᠧᠲ ᠥᠭᠴᠦ᠂ ᠥᠪᠡᠷ ᠤᠨ ᠰᠡᠳᠬᠢᠯ ᠬᠠᠨᠤᠮᠵᠢᠲᠠᠢ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠨ ᠰᠣᠩᠭᠤᠨ ᠭᠠᠷᠭᠠᠪᠠ᠃ ᠲᠤᠰ | ᠤᠳᠠᠭ᠎ᠠ ᠶᠢᠨ ᠨᠥᠬᠦᠪᠥᠷᠢᠯᠡᠨ ᠰᠣᠩᠭᠤᠬᠤ ᠳᠤ ᠨᠢᠭᠤᠴᠠ ᠰᠣᠩᠭᠤᠭᠤᠯᠢ ᠶᠢᠨ ᠠᠷᠭ᠎ᠠ ᠶᠢ ᠬᠡᠷᠡᠭᠯᠡᠵᠦ᠂ ᠪᠦᠬᠦ᠋ᠢᠯᠡ | ᠰᠣᠩᠭᠤᠭᠤᠯᠢ ᠶᠢᠨ ᠶᠠᠪᠤᠴᠠ ᠶᠢ ᠬᠠᠤᠯᠢ ᠲᠣᠭᠲᠠᠭᠠᠯ ᠶᠣᠰᠣᠭᠠᠷ᠂ ᠢᠯᠡ ᠲᠣᠳᠣ ᠪᠠᠶᠢᠯᠭᠠᠵᠤ᠂ ᠰᠣᠩᠭᠤᠭᠤᠯᠢ ᠶᠢᠨ | ᠠᠷᠠᠳ ᠤᠨ ᠰᠣᠩᠭᠤᠭᠤᠯᠢ ᠳᠤ ᠣᠷᠣᠯᠴᠠᠬᠤ ᠨᠤᠷᠮ᠎ᠠ ᠥᠨᠳᠥᠷ᠂ ᠵᠢᠱᠢᠭᠳᠡᠭᠴᠢ ᠶᠢᠨ ᠤᠯᠬᠤ ᠨᠤᠷᠮ᠎ᠠ ᠥᠨᠳᠥᠷ᠂ | ᠰᠣᠩᠭᠤᠭᠤᠯᠢ ᠶᠢᠨ ᠣᠷᠴᠢᠨ ᠲᠣᠭᠤᠷᠢᠨ ᠲᠥᠪ ᠴᠢᠬᠡᠴᠢ᠂ ᠰᠣᠩᠭᠤᠭᠤᠯᠢ ᠶᠢᠨ ᠦᠷ᠎ᠡ ᠳ᠋ᠦᠩ ᠠᠷᠠᠳ ᠬᠠᠨᠤᠮᠵᠢᠲᠠᠢ | ᠪᠠᠶᠢᠪᠠ᠃ | ᠲᠣᠰ ᠤᠳᠠᠭᠠᠨ ᠤ ᠨᠥᠬᠦᠨ ᠰᠣᠩᠭᠤᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠨᠢ ᠪᠥᠬᠦ | ᠶᠠᠪᠤᠴᠠ ᠶᠢᠨ ᠠᠷᠠᠳ ᠤᠨ ᠠᠷᠠᠳᠴᠢᠯᠠᠯ ᠪᠠ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠬᠦ ᠶᠢ | ᠦᠢᠯᠡᠳᠦᠯᠭᠡᠵᠢᠭᠦᠯᠬᠦ ᠶᠢᠨ ᠴᠢᠬᠤᠯᠠ ᠢᠯᠡᠷᠡᠯ ᠪᠣᠯᠤᠨ᠎ᠠ᠃ ᠳᠠᠷᠠᠭᠠᠴᠢ ᠶᠢᠨ ᠠᠯᠬᠤᠮ ᠳᠤ᠂ ᠸᠧᠨᠴᠢᠤᠸᠠᠨ ᠵᠡᠭᠡᠯᠢ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠡᠨᠡ ᠬᠦ ᠲᠠᠪᠴᠠᠩ ᠢ ᠤᠯᠠᠮ | ᠴᠢᠨᠠᠭᠰᠢᠳᠠ ᠰᠠᠶᠢᠲᠤᠷ ᠪᠠᠶᠢᠭᠤᠯᠵᠤ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠬᠠᠯᠠᠭᠤᠨ | ᠰᠡᠳᠬᠢᠯᠭᠡ ᠶᠢ ᠬᠥᠭᠵᠢᠭᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ | ᠬᠠᠷᠢᠭᠤᠴᠠᠯᠭ᠎ᠠ ᠡᠭᠦᠷᠭᠡᠯᠡᠯ ᠢ ᠦᠢᠯᠡᠳᠦᠯᠭᠡᠵᠢᠭᠦᠯᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ | ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ |