ᠲᠣᠰᠬᠤᠨ ᠤ ᠠᠷᠠᠳ ᠣᠯᠡᠨ ᠳᠤ ᠬᠦᠭᠵᠢᠯᠳᠡ ᠶᠢᠨ ᠦᠷ᠎ᠡ ᠪᠦᠳᠣᠭᠡᠯ ᠢ ᠬᠠᠮᠳᠣᠪᠡᠷ ᠡᠳ᠋ᠯᠠᠬᠦᠯᠵᠣ ᠪᠠᠶᠢᠨ᠎ᠠ᠃ | ᠷᠠᠰᠢᠶᠠᠨ ᠲᠣᠰᠬᠤᠨ ᠤ ᠨᠠᠮ ᠤᠨ ᠡᠭᠦᠷ ᠨᠢ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠲᠣᠰᠬᠤᠨ ᠤ | ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠨᠡᠮᠡᠭᠳᠡᠭᠦᠯᠬᠦ ᠰᠢᠨ᠎ᠡ ᠠᠷᠭ᠎ᠠ ᠵᠠᠮ ᠢ ᠰᠦᠪᠡᠭᠴᠢᠯᠡᠭᠰᠠᠭᠡᠷ ᠢᠷᠡᠵᠡᠢ᠃ | ᠤᠢᠢᠷ᠎ᠠ ᠶᠢᠨ ᠵᠢᠯ ᠠᠴᠠ᠂ ᠷᠡᠰᠢᠶᠠᠨ ᠬᠤᠳᠡ ᠶᠢᠨ ᠲᠢᠶᠠᠨ ᡂᠢ ᠪᠠᠯᠭᠠᠰᠤ ᠶᠢᠨ ᠷᠠᠰᠢᠶᠠᠨ ᠲᠣᠰᠬᠤᠨ ᠨᠠᠮ ᠤᠨ | ᠪᠠᠶᠢᠭᠤᠯᠤᠯᠲᠠ ᠶᠢᠨ ᠬᠦᠳᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠳᠤ ᠶᠢᠨ ᠪᠠᠶᠢᠭ᠎ᠠ ᠡᠬᠢ | ᠪᠠᠶᠠᠯᠢᠭ ᠢ ᠰᠠᠶᠢᠳᠣᠷ ᠠᠰᠢᠬᠯᠠᠵᠣ᠂ ᠤᠨᠴᠠᠯᠢᠬᠳᠤ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ᠂ | ᠲᠦᠷᠢᠶᠡᠰᠦᠨ ᠲᠠᠷᠢᠶᠠᠯᠠᠩ ᠤᠨ ᠮᠠᠰᠢᠨ ᠪᠠᠭᠠᠵᠢ ᠵᠡᠷᠭᠡ ᠠᠵᠤ ᠦᠢᠯᠡᠰ ᠢ ᠬᠥᠭᠵᠢᠭᠦᠯᠵᠦ᠂ ᠲᠣᠰᠬᠤᠨ ᠤ ᠬᠠᠮᠲᠤ ᠶᠢᠨ | ᠠᠵᠤ ᠠᠬᠤᠢ ᠶᠢᠨ ᠣᠷᠣᠯᠭ᠎ᠠ ᠵᠢᠯ ᠳᠠᠷᠠᠭᠠᠯᠠᠨ ᠨᠡᠮᠡᠭᠳᠡᠪᠡ᠃ ᠲᠣᠰᠬᠤᠨ ᠤ ︽ᠰᠠᠭᠤᠷᠢ︾ ᠡᠯᠪᠡᠭ ᠳᠡᠯᠪᠡᠭ ᠪᠣᠯ | ᠪᠣᠳᠠᠲᠤ ᠶᠠᠪᠤᠳᠠᠯ ᠬᠢᠬᠦ ᠳᠤ ᠢᠳᠡ ᠬᠦᠴᠦᠨ ᠲᠠᠢ᠃ ᠷᠠᠰᠢᠶᠠᠨ ᠲᠣᠰᠬᠤᠨ᠂ ᠲᠣᠰᠬᠤᠨ ᠤ ᠬᠠᠮᠲᠤ ᠶᠢᠨ ᠠᠵᠤ | ᠠᠬᠤᠢ ᠶᠢᠨ ᠣᠷᠣᠯᠭ᠎ᠠ ᠶᠢ ᠭᠦᠢᠴᠡᠳ ᠰᠠᠶᠢᠲᠤᠷ ᠠᠰᠢᠭᠯᠠᠵᠤ᠂ ᠦᠨᠡᠨ ᠬᠦ ᠠᠷᠠᠳ ᠤᠨ ᠲᠥᠯᠥᠭᠡ ᠵᠣᠪᠠᠨᠢᠯ ᠢ | ᠰᠢᠢᠳᠪᠦᠷᠢᠯᠡᠵᠦ ᠪᠣᠳᠠᠲᠠᠢ ᠶᠠᠪᠤᠳᠠᠯ ᠬᠢᠵᠦ᠂ ᠵᠣᠭᠤᠰ ᠢ ᠦᠨᠡᠨ ᠬᠦ ︽ᠵᠠᠩᠭᠢᠯᠠᠭ᠎ᠠ ᠶᠢᠨ ᠭᠠᠵᠠᠷ︾ ᠲᠤ ᠬᠡᠷᠡᠭᠯᠡᠵᠦ᠂ | ᠲᠣᠰᠬᠤᠨ ᠤ ᠠᠷᠠᠳ ᠲᠤ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠭᠦᠯᠬᠦ ᠬᠡᠷᠡᠭᠲᠡᠢ᠃ | ᠲᠣᠰᠬᠤᠨ ᠤ ᠠᠷᠠᠳ ᠣᠯᠡᠨ ᠳᠤ ᠦᠨᠡᠨ ᠬᠦ ᠠᠰᠢᠭ ᠬᠦᠷᠳᠡᠭᠡᠵᠣ ᠪᠠᠶᠢᠨ᠎ᠠ᠃ 2009 ᠣᠨ ᠠᠴᠠ ᠨᠠᠰᠢ᠂ | ᠷᠠᠰᠢᠶᠠᠨ ᠲᠣᠰᠬᠤᠨ ᠠᠰᠢᠭ ᠬᠤᠪᠢᠶᠠᠷᠢᠯᠠᠬᠤ᠂ ᠲᠠᠬᠢᠨ ᠶᠠᠳᠠᠭᠤᠷᠡᠬᠤ ᠠᠴᠠ ᠰᠡᠷᠭᠡᠶᠢᠯᠡᠬᠦ ᠳᠠᠭᠠᠳᠬᠠᠯ ᠢ ᠣᠷᠣᠯᠠᠨ | ᠲᠤᠰᠢᠶᠠᠬᠤ᠂ ᠲᠦᠷ ᠴᠠᠭ ᠤᠨ ᠠᠪᠤᠷᠠᠨ ᠲᠤᠰᠠᠯᠠᠯᠲᠠ᠂ ᠲᠣᠬᠤᠨᠢᠭᠤᠯᠬᠤ ᠪᠣᠳᠠᠰ ᠲᠠᠷᠬᠠᠭᠠᠬᠤ᠂ ᠥᠨᠳᠥᠷ ᠨᠠᠰᠤᠨ ᠤ | ᠨᠥᠬᠦᠪᠥᠷᠢ ᠥᠭᠬᠦ᠂ ᠰᠤᠷᠭᠠᠨ ᠬᠥᠮᠦᠵᠢᠯ ᠢᠶᠠᠷ ᠬᠠᠪᠰᠤᠷᠤᠨ ᠲᠡᠳᠬᠦᠬᠦ᠂ ᠠᠵᠢᠯ ᠣᠯᠭᠤᠯᠲᠠ ᠶᠢᠨ ᠠᠵᠢᠯ ᠤᠨ | ᠪᠠᠶᠢᠷᠢ ᠬᠠᠩᠭᠠᠬᠤ ᠵᠡᠷᠭᠡ ᠠᠷᠠᠳ ᠲᠤ ᠠᠰᠢᠭ ᠬᠦᠷᠲᠡᠭᠡᠬᠦ ᠠᠯᠢ ᠣᠯᠠᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ | ᠲᠣᠰᠬᠤᠨ ᠤ ᠠᠷᠠᠳ ᠲᠤ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠪᠡ᠃ ᠨᠡᠶᠢᠲᠡ 240 | ᠭᠠᠷᠤᠶ ᠲᠦᠮᠡᠨ ᠲᠥᠭᠦᠷᠢᠭ ᠤᠨ ᠠᠷᠠᠳ ᠲᠤ ᠠᠰᠢᠭ ᠬᠦᠷᠲᠡᠭᠡᠬᠦ ᠪᠡᠯᠡ ᠮᠥᠩᠭᠦ ᠲᠠᠷᠬᠠᠭᠠᠵᠤ᠂ 500 ᠭᠠᠷᠤᠶ | ᠲᠣᠰᠬᠤᠨ ᠤ ᠠᠷᠠᠳ ᠲᠤ ᠠᠰᠢᠭ ᠬᠦᠷᠲᠡᠭᠡᠪᠡ᠃ ᠷᠠᠰᠢᠶᠠᠨ ᠲᠣᠰᠬᠤᠨ ᠨᠢ ᠷᠠᠰᠢᠶᠠᠨ ᠬᠤᠳᠠ ᠲᠠᠢ ᠠᠳᠠᠯᠢ ᠨᠡᠷ᠎ᠡ | ᠲᠠᠢ ᠲᠣᠰᠬᠤᠨ ᠪᠣᠯᠤᠭᠰᠠᠨ ᠤ ᠬᠤᠪᠢ ᠳᠤ᠂ ᠢᠮᠠᠭᠲᠠ ᠤᠯᠠᠨ ᠲᠦᠮᠡᠨ ᠤ ᠰᠡᠳᠬᠢᠯ ᠳᠤ ᠤᠯᠠᠨ ᠲᠦᠮᠡᠨ ᠤ | ᠲᠦᠰᠢᠭ ᠲᠤᠯᠭᠠᠭᠤᠷᠢ᠂ ᠤᠯᠠᠨ ᠲᠦᠮᠡᠨ ᠤ ᠰᠡᠳᠬᠢᠯ ᠢ ᠮᠡᠳᠡᠭᠴᠢ ᠪᠤᠯᠵᠤ᠂ ᠨᠠᠮ ᠤᠨ ᠠᠷᠠᠳ ᠲᠤ ᠠᠰᠢᠭ | ᠬᠦᠷᠲᠡᠭᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠨᠠᠮ ᠤᠨ ᠠᠴᠢ ᠲᠤᠰᠠ ᠶᠢ ᠲᠣᠰᠬᠤᠨ ᠤ | ᠠᠷᠠᠳ ᠤᠨ ᠰᠡᠳᠬᠢᠯ ᠳᠤ ᠬᠠᠳᠠᠩᠰᠢᠭᠤᠯᠵᠠᠢ᠃ ᠠᠷᠪᠠᠭᠠᠳ ᠵᠢᠯ ᠤᠨ ᠬᠤᠭᠤᠴᠠᠭᠠᠨ ᠳᠤ᠂ ᠷᠠᠰᠢᠶᠠᠨ ᠲᠣᠰᠬᠤᠨ | ᠥᠨᠳᠥᠷ ᠨᠠᠰᠤᠲᠠᠶ ᠲᠣᠰᠬᠤᠨ ᠤ ᠠᠷᠠᠳ ᠲᠤ 100 ᠭᠠᠷᠤᠶ ᠲᠦᠮᠡᠨ ᠲᠥᠭᠦᠷᠢᠭ ᠤᠨ ᠨᠠᠰᠤᠲᠠᠨ ᠢ ᠲᠤᠰᠠᠯᠠᠬᠤ | ᠮᠥᠩᠭᠦ ᠣᠯᠭᠤᠪᠠ᠃ ᠰᠤᠷᠤᠯᠭ᠎ᠠ ᠶᠢᠨ ᠲᠡᠳᠬᠦᠮᠵᠢ ᠶᠢᠨ ᠮᠥᠩᠭᠦ 8.5 ᠲᠦᠮᠡᠨ ᠲᠥᠭᠦᠷᠢᠭ᠂ ᠭᠠᠮᠰᠢᠭ ᠪᠠ | ᠡᠪᠡᠳᠴᠢᠨ ᠡᠮᠭᠡᠭ ᠠᠴᠠ ᠪᠣᠯᠤᠭᠰᠠᠨ ᠲᠡᠳᠬᠦᠮᠵᠢ ᠶᠢᠨ ᠮᠥᠩᠭᠦ 16.8 ᠲᠦᠮᠡᠨ ᠲᠥᠭᠦᠷᠢᠭ᠂ ᠣᠨᠴᠠᠭᠠᠶ ᠬᠥᠮᠦᠰ ᠢ | ᠬᠠᠪᠰᠤᠷᠤᠨ ᠲᠡᠳᠬᠦᠬᠦ ᠵᠢᠴᠢ ᠣᠷᠣᠰᠢᠭᠤᠯᠭ᠎ᠠ ᠶᠢᠨ ᠪᠠᠯᠠ ᠮᠥᠩᠭᠦ 20 ᠲᠦᠮᠡᠨ ᠲᠥᠭᠦᠷᠢᠭ᠂ ᠲᠣᠰᠬᠤᠨ ᠤ | ᠠᠷᠠᠳ ᠤᠨ ᠠᠰᠠᠷᠠᠮᠵᠢ ᠶᠢᠨ ᠪᠠᠯᠠ ᠮᠥᠩᠭᠦ 70 ᠲᠦᠮᠡᠨ ᠲᠥᠭᠦᠷᠢᠭ ᠲᠤ ᠬᠦᠷᠪᠡ᠃ | ᠷᠠᠰᠢᠶᠠᠨ ᠲᠣᠰᠬᠤᠨ ᠤ ᠬᠢᠨᠠᠨ ᠬᠡᠮᠵᠢᠬᠦ ᠡᠷᠦᠬᠡ ᠯᠢᠦᠶ ᠴᠦᠨ ᠷᠣ᠋᠂ ᠡᠨᠡ ᠵᠢᠯ 42 ᠨᠠᠰᠤᠲᠠᠶ᠂ 3 ᠬᠥᠮᠦᠨ | ᠠᠮᠠ ᠲᠠᠢ᠂ ᠥᠬᠢᠨ ᠨᠢ ᠬᠦᠨᠳᠦ ᠡᠪᠡᠳᠴᠢᠨ ᠳᠤ ᠨᠡᠷᠪᠡᠭᠳᠡᠭᠰᠡᠨ ᠠᠴᠠ ᠬᠡᠷ ᠪᠦᠯᠢ ᠶᠢᠨ ᠡᠳᠦᠷ ᠲᠤᠲᠤᠮ ᠤᠨ ᠡᠮ | ᠡᠮᠨᠡᠯᠭᠡ ᠶᠢᠨ ᠵᠠᠷᠤᠳᠠᠯ ᠨᠡᠯᠢᠶᠡᠳ ᠶᠡᠭᠡ ᠪᠣᠯᠤᠭᠰᠠᠨ ᠠᠴᠠ ᠬᠡᠷ ᠪᠦᠯᠢ ᠶᠢᠨ ᠠᠮᠢᠳᠤᠷᠠᠯ ᠬᠦᠴᠢᠷᠲᠡᠶ ᠪᠣᠯᠵᠠᠶ᠃ | ᠲᠣᠰᠬᠤᠨ ᠠᠴᠠ ᠪᠠᠶᠢᠳᠠᠯ ᠢ ᠮᠡᠳᠡᠭᠰᠡᠨ ᠤ ᠲᠠᠷᠠᠭ᠎ᠠ᠂ ᠲᠣᠰᠬᠤᠨ ᠤ ᠬᠠᠮᠲᠤ ᠶᠢᠨ ᠠᠵᠤ ᠠᠬᠤᠢ ᠪᠠᠷ ᠲᠡᠭᠦᠨ ᠳᠤ | ᠲᠣᠰᠬᠤᠨ ᠤ ᠱᠠᠲᠤᠨ ᠤ ᠴᠡᠪᠡᠷᠯᠡᠭᠴᠢ ᠶᠢᠨ ᠠᠵᠢᠯ ᠤᠨ ᠪᠠᠶᠢᠷᠢ ᠶᠢ ᠣᠯᠭᠤᠵᠠᠢ᠃ ᠯᠢᠦᠢ ᠴᠦᠨ ᠷᠣ᠋ ᠭᠡᠷ ᠤᠨ ᠢᠶᠠᠨ | ᠡᠭᠦᠳᠡᠨ ᠳᠤ ᠠᠵᠢᠯ ᠣᠯᠵᠤ᠂ ᠰᠠᠷ᠎ᠠ ᠪᠦᠷᠢ 1850 ᠲᠥᠭᠦᠷᠢᠭ ᠤᠨ ᠣᠷᠣᠯᠭ᠎ᠠ ᠲᠠᠢ ᠪᠣᠯᠵᠠᠢ᠃ ᠤᠢᠢᠷ᠎ᠠ ᠶᠢᠨ | ᠵᠢᠯ ᠠᠴᠠ᠂ ᠷᠠᠰᠢᠶᠠᠨ ᠲᠣᠰᠬᠤᠨ ᠲᠣᠰᠬᠤᠨ ᠤ ᠬᠠᠮᠲᠤ ᠶᠢᠨ ᠠᠵᠤ ᠠᠬᠤᠢ ᠶᠢᠨ ᠠᠰᠢᠭ ᠣᠷᠣᠯᠭ᠎ᠠ ᠶᠢ ᠠᠰᠢᠭᠯᠠᠨ | ᠴᠡᠪᠡᠷᠯᠡᠭᠴᠢ ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠢ 10 ᠭᠠᠷᠤᠢ ᠠᠵᠢᠯ ᠤᠨ ᠪᠠᠶᠢᠷᠢ ᠶᠢ ᠨᠡᠭᠡᠭᠡᠨ | ᠬᠥᠭᠵᠢᠭᠦᠯᠵᠦ᠂ ᠠᠷᠠᠳ ᠤᠨ ᠲᠥᠯᠥᠭᠡ ᠠᠷᠠᠳ ᠢ ᠲᠤᠰᠠᠯᠠᠬᠤ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠪᠡ᠃ | ᠲᠣᠰᠬᠤᠨ ᠤ ᠺᠠᠳ᠋ᠷᠴᠤᠳ ᠤᠨ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ | ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠲᠠᠶᠢᠴᠢᠯᠠᠵᠣ᠂ ᠲᠣᠰᠬᠤᠨ ᠤ ᠬᠠᠮᠲᠤ ᠶᠢᠨ ᠠᠵᠤ | ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂ ᠡᠨᠡ ᠵᠢᠯ ᠠᠴᠠ ᠨᠠᠰᠢ᠂ | ᠷᠠᠰᠢᠶᠠᠨ ᠲᠣᠰᠬᠤᠨ ᠪᠦᠬᠦ ᠬᠤᠲᠠ ᠶᠢᠨ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠪᠣᠯᠤᠨ | ᠲᠣᠰᠬᠤᠨ ᠤ ᠺᠠᠳ᠋ᠷ ᠤᠨ ᠱᠠᠩᠨᠠᠯ ᠤᠨ ᠬᠠᠷᠠᠮᠵᠢ ᠶᠢ ᠬᠤᠯᠪᠣᠭᠳᠠᠭᠤᠯᠬᠤ ᠲᠣᠭᠲᠠᠴᠠ ᠶᠢᠨ ᠲᠤᠷᠰᠢᠯᠲᠠ ᠶᠢᠨ ᠲᠣᠰᠬᠤᠨ | ᠪᠣᠯᠤᠭᠰᠠᠨ ᠤ ᠬᠤᠪᠢ ᠳᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠠᠷᠭ᠎ᠠ ᠵᠠᠮ ᠢ | ᠢᠳᠡᠪᠬᠢᠲᠡᠢ ᠰᠦᠪᠡᠭᠴᠢᠯᠡᠵᠦ᠂ ︽ᠲᠣᠰᠬᠤᠨ ᠤ ᠱᠠᠲᠤᠨ ᠳᠤ ᠪᠠᠨ ᠭᠤᠶᠤᠴᠢᠯᠠᠨ ᠮᠡᠳᠡᠭᠦᠯᠵᠤ᠂ ᠰᠢᠶᠠᠩ ᠪᠠᠯᠭᠠᠰᠤ | ᠠᠴᠠ ᠮᠠᠭᠠᠳᠯᠠᠨ ᠲᠣᠭᠲᠠᠭᠠᠵᠤ᠂ ᠱᠠᠩᠨᠠᠬᠤ ᠶᠢ ᠢᠯᠡ ᠨᠡᠶᠢᠲᠡᠯᠡᠨ᠂ ᠳᠠᠩᠰᠠᠯᠠᠭᠤᠯᠬᠤ ᠶᠢ ᠬᠠᠮᠢᠶᠠᠷᠬᠤ︾ ᠠᠷᠭ᠎ᠠ | ᠬᠡᠯᠪᠡᠷᠢ ᠶᠢ ᠠᠪᠴᠤ᠂ ᠲᠣᠰᠬᠤᠨ ᠤ ᠬᠠᠮᠲᠤ ᠶᠢᠨ ᠲᠤᠰ ᠵᠢᠯ ᠤᠨ ᠠᠰᠢᠭ ᠣᠷᠣᠯᠭ᠎ᠠ ᠶᠢᠨ ᠲᠤᠭ᠎ᠠ ᠶᠢ ᠮᠠᠭᠠᠳᠯᠠᠨ | ᠲᠣᠭᠲᠠᠭᠠᠵᠤ᠂ ᠬᠥᠯᠥᠰᠥ ᠣᠯᠭᠤᠮᠵᠢ ᠶᠢᠨ ᠱᠠᠩᠨᠠᠯ ᠤᠨ ᠮᠥᠩᠭᠦ ᠶᠢ ᠬᠤᠪᠢ ᠬᠥᠮᠦᠨ ᠳᠤ ᠨᠢ ᠣᠯᠭᠤᠵᠡᠢ᠃ | ᠷᠠᠰᠢᠶᠠᠨ ᠲᠣᠰᠬᠤᠨ ᠤ 2024 ᠣᠨ ᠳᠤ ᠲᠣᠰᠬᠤᠨ ᠤ ᠬᠠᠮᠲᠤ ᠶᠢᠨ ᠠᠵᠤ ᠠᠬᠤᠢ 40 ᠲᠦᠮᠡᠨ ᠲᠥᠭᠦᠷᠢᠭ ᠢ | ᠳᠠᠪᠠᠪᠡ᠃ |