ᠡᠭᠦᠳᠡ ᠲᠣᠭᠰᠢᠵᠤ ᠡᠷᠦᠬᠡ ᠪᠠᠷ ᠣᠷᠣᠵᠤ ᠬᠡᠷᠡᠭᠴᠡᠭᠡ ᠱᠠᠭᠠᠷᠳᠠᠯᠭ᠎ᠠ ᠶᠢ ᠠᠰᠠᠭᠤᠨ ᠯᠠᠪᠯᠠᠵᠤ ᠠᠷᠠᠳ ᠤᠨ ᠰᠠᠨᠠᠯ ᠢ ᠰᠣᠨᠣᠰᠪᠠ
ᠨᠡᠶᠢᠲᠡᠯᠡᠭᠰᠡᠨ ᠴᠠᠭ᠄
2024/12/3
    ︽ᠲᠠᠪᠤᠨ ᠨᠢᠭᠡ︾ ᠶᠢᠨ ᠣᠯᠠᠨ ᠲᠦᠮᠡᠨ ᠤ ᠠᠵᠢᠯ ᠤᠨ ᠠᠷᠭ᠎ᠠ ᠶᠢ ᠭᠦᠨᠵᠡᠭᠡᠶ ᠦᠢᠯᠡᠳᠦᠯᠭᠡᠵᠢᠭᠦᠯᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠪᠠᠶᠢᠳᠠᠯ ᠪᠠ ᠪᠣᠳᠠᠲᠠᠶ ᠬᠡᠷᠡᠭᠴᠡᠭᠡ ᠶᠢ ᠣᠶᠢᠯᠠᠭᠠᠬᠤ ᠶᠢᠨ ᠲᠥᠯᠥᠭᠡ᠂ 11 ᠰᠠᠷ᠎ᠠ ᠶᠢᠨ 29 ᠤ ᠡᠳᠦᠷ᠂ ᠷᠡᠰᠢᠶᠠᠨ ᠬᠤᠳᠡ ᠶᠢᠨ ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ︽ᠡᠭᠦᠳᠡ ᠲᠣᠭᠰᠢᠵᠤ ᠡᠷᠦᠬᠡ ᠪᠠᠷ ᠬᠦᠷᠴᠦ ᠬᠡᠷᠡᠭᠴᠡᠭᠡ ᠱᠠᠭᠠᠷᠳᠠᠯᠭ᠎ᠠ ᠶᠢ ᠠᠰᠠᠭᠤᠨ ᠯᠠᠪᠯᠠᠵᠤ ᠠᠷᠠᠳ ᠤᠨ ᠰᠠᠨᠠᠯ ᠢ ᠰᠣᠨᠣᠰᠬᠤ︾ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠠᠵᠢᠯᠲᠠᠳ ᠡᠷᠦᠬᠡ ᠳᠤ ᠣᠷᠣᠵᠤ ᠯᠠᠪᠯᠠᠨ ᠠᠰᠠᠭᠤᠬᠤ᠂ ᠲᠠᠰᠢᠷᠠᠮ ᠢᠶᠠᠷ ᠰᠤᠷᠪᠤᠯᠵᠢᠯᠠᠨ ᠶᠠᠷᠢᠯᠴᠠᠬᠤ ᠵᠡᠷᠭᠡ ᠬᠡᠯᠪᠡᠷᠢ ᠪᠠᠷ ᠠᠷᠠᠳ ᠤᠨ ᠰᠠᠨᠠᠭ᠎ᠠ ᠶᠢ ᠰᠣᠨᠣᠰᠴᠤ᠂ ᠠᠷᠠᠳ ᠤᠨ ᠪᠠᠶᠢᠳᠠᠯ ᠢ ᠣᠶᠢᠯᠠᠭᠠᠵᠤ᠂ ᠤᠯᠠᠨ ᠲᠦᠮᠡᠨ ᠤ ᠲᠤᠰᠬᠠᠭᠰᠠᠨ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠢ ᠲᠤᠬᠠᠢ ᠶᠢᠨ ᠲᠠᠯᠠᠪᠤᠷ ᠲᠤᠨᠢ ᠰᠢᠢᠳᠪᠦᠷᠢᠯᠡᠵᠦ ᠳᠡᠶᠢᠯᠬᠦ ᠶᠢ ᠨᠢ ᠲᠤᠬᠠᠢ ᠶᠢᠨ ᠲᠠᠯᠠᠪᠤᠷ ᠲᠤᠨᠢ ᠰᠢᠢᠳᠪᠦᠷᠢᠯᠡᠵᠦ ᠬᠠᠷᠢᠭᠤᠯᠲᠠ ᠥᠭᠴᠦ᠂ ᠲᠤᠬᠠᠢ ᠶᠢᠨ ᠲᠠᠯᠠᠪᠤᠷ ᠲᠤᠨᠢ ᠬᠠᠷᠢᠭᠤᠯᠲᠠ ᠥᠭᠴᠦ ᠳᠡᠶᠢᠯᠬᠦ ᠦᠭᠡᠢ ᠶᠢ ᠨᠢ ᠴᠠᠭ ᠲᠤᠬᠠᠢ ᠳᠤᠨᠢ ᠳᠡᠭᠡᠭᠰᠢ ᠮᠡᠳᠡᠭᠦᠯᠵᠦ᠂ ᠶᠠᠪᠤᠳᠠᠯ ᠪᠦᠬᠦᠨ ᠳᠤ ᠬᠠᠷᠢᠭᠤ ᠥᠭᠴᠦ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ ᠬᠠᠮᠲᠤ ᠤᠯᠠᠨ ᠲᠦᠮᠡᠨ ᠤ ᠨᠡᠶᠢᠭᠡᠮ ᠲᠣᠭᠤᠷᠢᠭ ᠤᠨ ᠬᠥᠭᠵᠢᠯᠲᠡ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠵᠡᠷᠭᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠭᠦᠢᠴᠡᠳ ᠬᠤᠷᠢᠶᠠᠵᠤ᠂ ᠤᠯᠠᠨ ᠲᠦᠮᠡᠨ ᠢ ᠲᠠᠶᠢᠴᠢᠯᠠᠨ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠨᠡᠶᠢᠭᠡᠮ ᠲᠣᠭᠤᠷᠢᠭ ᠤᠨ ᠬᠥᠭᠵᠢᠯᠲᠡ ᠳᠤ ᠬᠦᠴᠦᠨ ᠨᠡᠮᠡᠷᠢᠯᠡᠪᠡ᠃    ᠲᠣᠰ ᠤᠳᠠᠭᠠᠨ ᠤ ᠡᠷᠦᠬᠡ ᠪᠠᠷ ᠬᠦᠷᠴᠦ ᠰᠤᠷᠪᠤᠯᠵᠢᠯᠠᠬᠤ ᠠᠵᠢᠯᠯᠠᠭ᠎ᠠ ᠨᠢ ᠨᠡᠶᠢᠭᠡᠮ ᠲᠣᠭᠤᠷᠢᠭ ᠪᠣᠯᠤᠨ ᠰᠠᠭᠤᠭᠠᠯᠢ ᠠᠷᠠᠳ ᠤᠨ ᠬᠤᠭᠤᠷᠣᠨᠳᠣᠬᠢ ᠵᠠᠶ ᠶᠢ ᠣᠶᠢᠷᠠᠲᠤᠭᠤᠯᠤᠭᠰᠠᠨ ᠢᠶᠠᠷ ᠪᠠᠷᠠᠬᠤ ᠥᠬᠡᠶ᠂ ᠪᠠᠰᠠ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠨᠠᠩ ᠭᠦᠨᠵᠡᠭᠡᠶ ᠣᠶᠢᠯᠠᠭᠠᠵᠤ᠂ ᠰᠠᠭᠤᠭᠠᠯᠢ ᠠᠷᠠᠳ ᠲᠤ ᠨᠠᠩ ᠳᠥᠭᠦᠮ ᠳᠥᠲᠡ᠂ ᠨᠠᠩ ᠴᠢᠨᠠᠷ ᠰᠠᠶᠢᠲᠠᠶ ᠦᠢᠯᠡᠴᠢᠯᠡᠭᠡ ᠬᠠᠩᠭᠠᠬᠤ ᠳᠤ ᠰᠠᠭᠤᠷᠢ ᠬᠠᠩᠭᠠᠭᠰᠠᠨ ᠪᠠᠶᠢᠨ᠎ᠠ᠃ ᠵᠠᠯᠭᠠᠭᠠᠳ᠂ ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ᠡᠷᠦᠭᠡ ᠳᠤ ᠣᠷᠣᠵᠤ ᠰᠤᠷᠪᠤᠯᠵᠢᠯᠠᠬᠤ ᠶᠢ ᠤᠯᠠᠨ ᠲᠦᠮᠡᠨ ᠲᠠᠢ ᠬᠠᠷᠢᠯᠴᠠᠬᠤ ᠴᠢᠬᠤᠯᠠ ᠬᠥᠭᠦᠷᠭᠡ ᠪᠣᠯᠭᠠᠵᠤ᠂ ︽ᠠᠩᠬᠠᠷᠤᠯ ᠲᠠᠯᠪᠢᠬᠴᠢ︾ ᠪᠠ ︽ᠨᠠᠶᠢᠳᠠᠪᠤᠷᠢᠵᠢᠭᠤᠯᠤᠭᠴᠢ︾ ᠪᠤᠯᠵᠤ᠂ ︽ᠲᠠᠪᠤᠨ ᠨᠢᠭᠡ︾ ᠶᠢᠨ ᠤᠯᠠᠨ ᠲᠦᠮᠡᠨ ᠤ ᠠᠵᠢᠯ ᠤᠨ ᠠᠷᠭ᠎ᠠ ᠶᠢ ᠠᠷᠠᠳ ᠲᠦᠮᠡᠨ ᠳᠤ ᠦᠢᠯᠡᠴᠢᠯᠡᠬᠦ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠤᠨ᠎ᠠ᠃   
 
ᠢᠷᠡᠯᠲᠡ᠄ ᠢᠷᠪᠢᠰ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号