ᠰᠢᠨ᠎ᠡ ᠵᠢᠯ ᠤᠨ ᠪᠠᠶᠠᠷ ᠤᠨ ᠡᠳᠦᠷ ᠣᠶᠢᠷᠠᠳᠬᠤ ᠶᠢ ᠳᠠᠭᠠᠯᠳᠤᠨ᠂ ᠥᠷᠭᠡᠨ ᠣᠯᠠᠨ ᠰᠠᠭᠤᠭᠠᠯᠢ ᠠᠷᠠᠳ ᠤᠨ | ᠪᠠᠶᠠᠷ ᠬᠥᠷ ᠲᠠᠢ᠂ ᠥᠯᠵᠡᠶ ᠪᠡᠯᠭᠡ ᠲᠠᠢ᠂ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ᠂ | 12 ᠰᠠᠷ᠎ᠠ ᠶᠢᠨ 30 ᠤ ᠡᠳᠦᠷ᠂ ᠷᠡᠰᠢᠶᠠᠨ ᠬᠤᠳᠡ ᠶᠢᠨ ᠰᠢᠨ ᠴᠧᠩ ᠵᠡᠭᠡᠯᠢ ᠶᠢᠨ ᠰᠧᠨᠸᠠᠩ ᠨᠡᠶᠢᠭᠡᠮ ᠲᠣᠭᠤᠷᠢᠭ | ︽ᠵᠢᠯ ᠤᠨ ᠡᠴᠦᠰ ᠤᠨ ᠠᠮᠤᠷ ᠲᠦᠪᠰᠢᠨ ᠤ ᠪᠣᠭᠤᠮᠲᠠ ᠶᠢ ᠰᠠᠶᠢᠲᠤᠷ ᠰᠠᠬᠢᠵᠤ᠂ ᠰᠢᠨ᠎ᠡ ᠵᠢᠯ ᠢᠶᠠᠨ ᠰᠠᠨᠠᠭ᠎ᠠ ᠠᠮᠤᠷ | ᠡᠬᠢᠯᠡᠭᠦᠯᠣᠶᠠ︾ ᠭᠡᠬᠦ ᠭᠤᠤᠯ ᠰᠡᠳᠦᠪᠳᠣ ᠪᠠᠶᠠᠷ ᠤᠨ ᠡᠳᠣᠷ ᠠᠴᠠ ᠡᠮᠦᠨᠡᠬᠢ ᠠᠶᠤᠯᠭᠦᠶ ᠦᠢᠯᠡᠳᠪᠦᠷᠢᠯᠡᠯ ᠤᠨ ᠶᠡᠭᠡ | ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃ | ᠲᠣᠰ ᠤᠳᠠᠭᠠᠨ ᠤ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯᠯᠠᠭ᠎ᠠ ᠨᠢ ᠵᠥᠪᠬᠡᠨ | ᠨᠡᠶᠢᠭᠡᠮ ᠲᠣᠭᠤᠷᠢᠭ ᠤᠨ ᠠᠮᠤᠷ ᠲᠦᠪᠰᠢᠨ ᠤ ᠠᠵᠢᠯ ᠤᠨ ᠨᠢᠭᠡ ᠬᠡᠰᠡᠭ ᠪᠣᠯᠤᠨ᠎ᠠ᠃ ᠵᠠᠯᠭᠠᠭᠠᠳ ᠰᠧᠨᠸᠠᠩ ᠨᠡᠶᠢᠭᠡᠮ | ᠲᠣᠭᠤᠷᠢᠭ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠣ᠂ ᠨᠡᠩ ᠪᠣᠳᠠᠲᠠᠢ ᠶᠢ ᠡᠷᠬᠢᠮᠯᠡᠬᠦ ᠣᠪᠣᠷ᠂ ᠨᠡᠩ ᠬᠦᠴᠦᠲᠡᠢ ᠠᠷᠭ᠎ᠠ ᠬᠡᠮᠵᠢᠶ᠎ᠡ ᠪᠠᠷ ᠠᠮᠤᠷ ᠲᠦᠪᠰᠢᠨ ᠤ | ᠠᠵᠢᠯ ᠢ ᠪᠣᠳᠠᠲᠠᠶᠢᠵᠢᠭᠤᠯᠣᠨ ᠨᠠᠷᠢᠯᠢᠭᠵᠢᠭᠤᠯᠵᠣ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ | ᠲᠦᠪᠰᠢᠨ ᠢ ᠪᠦᠬᠦ ᠲᠠᠯ᠎ᠠ ᠪᠠᠷ ᠪᠠᠲᠤᠯᠠᠵᠡᠢ᠃ ᠡᠭᠦᠨ ᠤ ᠬᠠᠮᠲᠤ᠂ ᠪᠠᠰᠠ ᠥᠷᠭᠡᠨ ᠤᠯᠠᠨ ᠰᠠᠭᠤᠭᠠᠯᠢ ᠠᠷᠠᠳ | ᠨᠠᠶᠢᠵᠠ ᠨᠠᠷ ᠢ ᠠᠮᠤᠷ ᠲᠦᠪᠰᠢᠨ ᠤ ᠰᠡᠷᠭᠡᠶᠢᠯᠡᠯᠲᠡ ᠶᠢ ᠦᠯᠦ ᠮᠠᠷᠲᠠᠵᠤ᠂ ᠨᠡᠶᠢᠭᠡᠮ ᠲᠣᠭᠤᠷᠢᠭ ᠤᠨ ᠠᠮᠤᠷ | ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠵᠤ᠂ ᠰᠠᠨᠠᠭ᠎ᠠ ᠠᠮᠤᠷ᠂ ᠥᠯᠵᠡᠢ ᠪᠡᠯᠭᠡ ᠲᠠᠢ | ᠰᠢᠨ᠎ᠡ ᠵᠢᠯ ᠢ ᠤᠭᠲᠤᠬᠤ ᠶᠢ ᠤᠷᠢᠶᠠᠯᠠᠵᠡᠢ᠃ |