ᠷᠡᠰᠢᠶᠠᠨ ᠬᠤᠳᠡ ᠶᠢᠨ ᠸᠧᠨᠴᠢᠤᠸᠠᠨ ᠵᠡᠭᠡᠯᠢ ᠶᠢᠨ ᠾᠧ ᠪᠢᠨ ᠨᠡᠶᠢᠭᠡᠮ ᠲᠣᠭᠤᠷᠢᠭ ᠴᠠᠭᠠᠰᠤᠨ ᠬᠠᠶᠢᠴᠢᠯᠠᠮᠠᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/31
    ᠦᠨᠳᠦᠰᠦᠲᠡᠨ ᠨᠦᠭᠦᠳ ᠤᠨ ᠵᠠᠯᠠᠭᠤᠴᠤᠳ ᠤᠨ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠬᠴᠠᠯᠠᠬᠤ ᠶᠢᠨ ᠲᠥᠯᠥᠭᠡ᠂ 12 ᠰᠠᠷ᠎ᠠ ᠶᠢᠨ 30 ᠤ ᠡᠳᠦᠷ᠂ ᠷᠡᠰᠢᠶᠠᠨ ᠬᠤᠳᠡ ᠶᠢᠨ ᠸᠧᠨᠴᠢᠤᠸᠠᠨ ᠵᠡᠭᠡᠯᠢ ᠶᠢᠨ ᠾᠧ ᠪᠢᠨ ᠨᠡᠶᠢᠭᠡᠮ ᠲᠣᠭᠤᠷᠢᠭ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠰ ᠮᠡᠲᠦ ᠳᠣᠲᠣᠨᠣ᠂ ᠤᠷᠠᠨ ᠭᠠᠷ ᠢᠶᠠᠷ ᠪᠣᠳᠠᠰ ᠤᠨ ᠪᠤᠰᠤ ᠰᠣᠶᠣᠯ ᠤᠨ ᠥᠪ ᠢ  ᠪᠦᠳᠣᠭᠡᠬᠦ︾ ᠭᠡᠬᠦ ᠭᠤᠣᠯ ᠰᠡᠳᠦᠪ ᠢᠶᠠᠷ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠤᠯᠠᠨ ᠲᠦᠮᠡᠨᠴᠢ ᠱᠤᠭᠤᠮ ᠢ ᠭᠦᠨᠵᠡᠭᠡᠢ ᠦᠢᠯᠡᠳᠦᠯᠭᠡᠵᠢᠭᠦᠯᠵᠡᠢ᠃    ᠲᠣᠰ ᠤᠳᠠᠭᠠᠨ ᠤ ᠴᠠᠭᠠᠰᠤᠨ ᠬᠠᠶᠢᠴᠢᠯᠠᠮᠠᠯ ᠤᠨ ᠠᠵᠢᠯᠯᠠᠭ᠎ᠠ ᠨᠢ ᠵᠠᠯᠠᠭᠤᠴᠤᠳ ᠤᠨ ᠤᠯᠠᠮᠵᠢᠯᠠᠯᠲᠤ ᠴᠠᠭᠠᠰᠤᠨ ᠬᠠᠶᠢᠴᠢᠯᠠᠮᠠᠯ ᠤᠨ ᠤᠷᠠᠯᠢᠭ ᠤᠨ ᠷᠢᠳᠢ ᠰᠢᠳᠢ ᠶᠢ ᠤᠯᠠᠮ ᠨᠢᠭᠡ ᠠᠯᠬᠤᠮ ᠣᠶᠢᠯᠠᠭᠠᠭᠤᠯᠵᠤ᠂ ᠤᠷᠠᠯᠢᠭ ᠤᠨ ᠡᠭᠦᠳᠦᠯ ᠪᠦᠲᠦᠭᠡᠯ ᠢᠶᠠᠷ ᠠᠪᠴᠢᠷᠠᠭᠰᠠᠨ ᠪᠠᠶᠠᠷ ᠴᠡᠩᠭᠡᠯ ᠪᠠ ᠠᠮᠵᠢᠯᠲᠠ ᠪᠦᠲᠦᠮᠵᠢ ᠶᠢᠨ ᠲᠥᠷᠥᠭᠳᠡᠯ ᠢ ᠣᠶᠢᠯᠠᠭᠠᠭᠤᠯᠬᠤ ᠶᠢᠨ ᠬᠠᠮᠲᠤ ᠲᠡᠳᠡᠨ ᠢ ᠬᠥᠲᠥᠯᠦᠨ ᠵᠢᠯᠣᠭᠤᠳᠴᠤ ᠪᠠᠶᠢᠭᠠᠳ ᠬᠤᠪᠢᠰᠬᠠᠯᠲᠤ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠦᠨᠡᠨ ᠬᠦ ᠮᠡᠳᠡᠷᠡᠭᠦᠯᠵᠦ᠂ ᠰᠣᠶᠣᠯ ᠤᠨ ᠢᠲᠡᠭᠡᠯ ᠵᠣᠷᠢᠭ ᠪᠠ ᠦᠨᠳᠦᠰᠦᠲᠡᠨ ᠤ ᠣᠮᠣᠭᠰᠢᠯᠲᠤ ᠰᠡᠳᠬᠢᠯᠭᠡ ᠶᠢ ᠨᠡᠮᠡᠭᠳᠡᠭᠦᠯᠪᠡ᠃
 
ᠢᠷᠡᠯᠲᠡ᠄ ᠷᠡᠰᠢᠶᠠᠨ ᠬᠤᠲᠠ ᠶᠢᠨ ᠸᠧᠨᠴᠢᠣᠸᠠᠨ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号