ᠷᠡᠰᠢᠶᠠᠨ ᠬᠤᠳᠡ ᠶᠢᠨ ᠲᠢᠶᠠᠨ ᡂᠢ ᠪᠠᠯᠭᠠᠰᠤᠨ ᠤ ᠷᠠᠰᠢᠶᠠᠨ ᠲᠣᠰᠬᠤᠨ ᠨᠠᠮ ᠤᠨ ᠭᠡᠰᠢᠭᠦᠨ ᠤ ᠶᠡᠭᠡ ᠬᠤᠷᠠᠯ ᠵᠢᠴᠢ ︽ᠳᠥᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ︾ ᠵᠦᠢᠯᠡᠰ ᠢ ᠬᠢᠨᠠᠨ ᠵᠥᠪᠯᠡᠪᠡ
ᠨᠡᠶᠢᠲᠡᠯᠡᠭᠰᠡᠨ ᠴᠠᠭ᠄
2024/12/31
    ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠰᠢᠨ᠎ᠡ ᠪᠠᠶᠢᠳᠠᠯ ᠢ ᠨᠡᠭᠡᠭᠡᠬᠦ ᠪᠠᠷ 12 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠲᠢᠶᠠᠨ ᡂᠢ ᠪᠠᠯᠭᠠᠰᠤᠨ ᠤ ᠷᠠᠰᠢᠶᠠᠨ ᠲᠣᠰᠬᠤᠨ ᠤ ᠨᠠᠮ ᠤᠨ ᠡᠭᠦᠷ ᠨᠠᠮ ᠤᠨ ᠭᠡᠰᠢᠭᠦᠳ ᠤᠨ ᠶᠡᠭᠡ ᠬᠤᠷᠠᠯ ᠬᠤᠷᠠᠯᠳᠤᠭᠤᠯᠪᠡ᠃ ᠬᠤᠷᠡᠯ ᠲᠡᠭᠡᠷ᠎ᠡ᠂ ᠲᠣᠰᠬᠤᠨ ᠤ ᠬᠠᠮᠲᠤ ᠨᠠᠶᠢᠳᠡ ᠶᠢᠨ 2024 ᠣᠨ ᠤ ᠡᠳ᠋ ᠤᠨ ᠶᠠᠪᠤᠳᠠᠯ ᠤᠨ ᠭᠤᠣᠯᠳᠠᠯᠭ᠎ᠠ ᠲᠠᠢ ᠵᠠᠷᠤᠯᠭ᠎ᠠ ᠵᠢᠴᠢ 2025 ᠣᠨ ᠤ ᠴᠢᠬᠤᠯᠠ ᠶᠡᠭᠡ ᠤᠴᠢᠷ ᠶᠠᠪᠤᠳᠠᠯ ᠤᠨ ᠰᠢᠢᠳᠪᠦᠷᠢᠲᠦ ᠪᠣᠳᠣᠯᠭ᠎ᠠ ᠶᠢ ᠬᠢᠨᠠᠨ ᠵᠥᠪᠯᠡᠪᠠ᠃    ᠡᠩ ᠲᠡᠷᠢᠭᠦᠨ ᠳᠤ᠂ ᠬᠤᠷᠠᠯ ᠠᠴᠠ ᠤᠢᠢᠷ᠎ᠠ ᠶᠢᠨ ᠬᠤᠭᠤᠴᠠᠭᠠᠨ ᠳᠤ ᠬᠤᠷᠠᠯᠳᠤᠭᠰᠠᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ᠂ ᠳᠠᠷᠠᠭ᠎ᠠ ᠨᠢ ᠬᠤᠷᠠᠯ ᠠᠴᠠ ︽ᠲᠦᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ︾ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠡᠭᠦᠷ ᠤᠨ ᠱᠦᠵᠢ ᠶᠢᠨ ᠰᠢᠶᠤᠤ ᠭᠠᠩ ᠠᠴᠠ 2024 ᠣᠨ ᠤ ᠳᠣᠣᠷ᠎ᠠ ᠬᠠᠭᠠᠰ ᠵᠢᠯ ᠤᠨ ᠲᠣᠰᠬᠤᠨ ᠤ ᠬᠠᠮᠲᠤ  ᠨᠠᠶᠢᠳᠡ ᠶᠢᠨ ᠨᠥᠬᠦᠪᠥᠷᠢ᠂ 2025 ᠣᠨ ᠤ ᠴᠠᠭᠠᠨ ᠰᠠᠷ᠎ᠠ ᠶᠢᠨ ᠠᠰᠠᠷᠠᠮᠵᠢ ᠵᠡᠷᠭᠡ ᠵᠦᠢᠯᠡᠰ ᠢ ᠬᠠᠷᠢᠭᠤ ᠮᠡᠳᠡᠭᠦᠯᠵᠦ ᠲᠣᠳᠣᠷᠬᠠᠶᠢᠯᠠᠬᠤ ᠶᠢᠨ ᠬᠠᠮᠲᠤ ᠬᠤᠷᠠᠯ ᠳᠤ ᠣᠷᠣᠯᠴᠠᠭᠰᠠᠨ ᠪᠦᠬᠦ ᠨᠠᠮ ᠤᠨ ᠭᠡᠰᠢᠭᠦᠳ ᠬᠢᠨᠠᠨ ᠵᠥᠪᠯᠡᠵᠡᠢ᠃ ᠠᠬᠠᠮᠠᠳ ᠨᠠᠮ ᠤᠨ ᠭᠡᠰᠢᠭᠦᠨ ᠮᠠ ᠢᠦᠶ ᠴᠢᠨ ᠲᠤᠯᠠᠷ ᠤᠨ ᠭᠠᠵᠠᠷ ᠰᠢᠷᠣᠶ ᠶᠢᠨ ᠲᠦᠷᠢᠶᠡᠰᠦᠨ ᠮᠥᠩᠭᠦ ᠶᠢ ᠳᠡᠭᠡᠭᠰᠢᠯᠡᠭᠦᠯᠬᠦ ᠶᠠᠪᠤᠳᠠᠯ ᠳᠤ ᠡᠨᠡ ᠪᠣᠯ ᠪᠥᠬᠦ ᠲᠣᠰᠬᠤᠨ ᠤ ᠬᠥᠮᠦᠨ ᠠᠮᠠ ᠶᠢ ᠪᠦᠬᠦᠨ ᠢ ᠠᠰᠢᠭ ᠬᠦᠷᠲᠡᠭᠡᠬᠦ ᠰᠠᠶᠢᠨ ᠶᠠᠪᠤᠳᠠᠯ ᠮᠥᠨ᠂ ᠪᠢᠳᠡ ᠮᠠᠰᠢ ᠶᠡᠭᠡ ᠳᠡᠮᠵᠢᠯᠭᠡ ᠦᠵᠡᠭᠦᠯᠣᠨ᠎ᠠ ᠭᠡᠵᠡᠢ᠃ ᠠᠬᠠᠮᠠᠳ ᠨᠠᠮ ᠤᠨ ᠭᠡᠰᠢᠭᠦᠨ ᠸᠠᠩ ᠬᠤᠩ ᠬᠤᠸᠠ᠂ ᠲᠣᠰᠬᠤᠨ ᠤ ᠬᠠᠮᠲᠤ ᠨᠡᠶᠢᠲᠡ ᠶᠢᠨ ᠬᠥᠭᠵᠢᠵᠤ ᠪᠠᠶᠢᠭ᠎ᠠ ᠨᠢ ᠪᠢᠳᠠᠡ ᠮᠠᠰᠢ ᠪᠠᠶᠠᠷᠯᠠᠭᠤᠰᠢᠳᠡᠢ ᠶᠠᠪᠣᠳᠡᠯ ᠪᠣᠯᠣᠨ᠎ᠠ᠂ ᠲᠤᠬᠠᠢ ᠶᠢᠨ ᠵᠢᠯ ᠳᠤ ᠲᠣᠰᠬᠤᠨ ᠤ ᠠᠷᠠᠳ ᠲᠡᠷᠡ ᠬᠦ ᠪᠡᠷᠬᠡ ᠬᠠᠲᠠᠭᠤᠵᠢᠯᠲᠠᠢ ᠴᠠᠭ ᠦᠶ᠎ᠡ ᠳᠤ ᠮᠠᠰᠢ ᠣᠯᠠᠨ ᠬᠤᠪᠢ ᠨᠡᠮᠡᠷᠢ ᠦᠵᠡᠭᠦᠯᠵᠣ᠂ ᠣᠳᠣ ᠡᠨᠡ ᠪᠦᠯᠦᠭ ᠬᠥᠮᠦᠰ ᠦᠳᠡᠯᠣᠭᠡ ᠨᠠᠰᠣᠨ ᠳᠤ ᠪᠠᠨ ᠣᠷᠣᠵᠣ᠂ ᠣᠨᠴᠠᠭᠠᠢ ᠬᠠᠷᠠᠭᠠᠯᠵᠠᠯ ᠦᠵᠡᠬᠦᠯᠬᠦ ᠭᠡᠷᠡᠭᠳᠡᠢ ᠭᠡᠬᠦ ᠰᠠᠨᠠᠭᠤᠯᠭ᠎ᠠ ᠶᠢ ᠬᠤᠷᠠᠯ ᠳᠤ ᠣᠷᠣᠯᠴᠠᠭᠰᠠᠨ ᠨᠠᠮ ᠤᠨ ᠭᠡᠰᠢᠭᠦᠳ ᠨᠠᠷᠢᠨ ᠬᠢᠨᠠᠮᠠᠭᠠᠢ ᠰᠤᠳᠤᠯᠤᠨ ᠶᠠᠷᠢᠯᠴᠠᠵᠤ᠂ ᠭᠠᠷ ᠡᠷᠭᠦᠨ ᠪᠠᠲᠤᠯᠠᠬᠤ ᠬᠡᠯᠪᠡᠷᠢ ᠪᠠᠷ ᠪᠤᠶ ᠪᠦᠬᠦᠢ ᠵᠥᠪᠯᠡᠬᠦ ᠵᠦᠢᠯ ᠢ ᠰᠠᠨᠠᠯ ᠨᠢᠭᠡᠲᠡᠶ ᠪᠠᠲᠤᠯᠠᠬᠤ ᠶᠢᠨ ᠬᠠᠮᠲᠤ ᠨᠠᠮ ᠤᠨ ᠭᠡᠰᠢᠭᠦᠨ ᠤ ᠶᠡᠭᠡ ᠬᠤᠷᠠᠯ ᠤᠨ ᠬᠢᠨᠠᠨ ᠵᠥᠪᠯᠡᠵᠦ ᠥᠩᠭᠡᠷᠡᠭᠰᠡᠨ ᠤᠴᠢᠷ ᠶᠠᠪᠤᠳᠠᠯ ᠢ ᠲᠣᠰᠬᠤᠨ ᠤ ᠠᠷᠠᠳ ᠤᠨ ᠬᠤᠷᠠᠯ ᠳᠤ ᠳᠡᠪᠰᠢᠭᠦᠯᠵᠦ ᠰᠢᠢᠳᠪᠦᠷᠢ ᠭᠠᠷᠭᠠᠬᠤ ᠶᠢ ᠵᠥᠪᠰᠢᠶᠡᠷᠡᠪᠡ᠃    ᠬᠠᠮᠤᠭ ᠡᠴᠦᠰ ᠲᠤ ᠶᠢᠨ ᠰᠢᠶᠤᠤ ᠭᠠᠩ 2024 ᠣᠨ ᠤ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠦᠭᠰᠡᠨ ᠪᠥᠭᠡᠳ 2025 ᠣᠨ ᠤ ᠠᠵᠢᠯ ᠤᠨ ᠰᠡᠳᠬᠢᠴᠡ᠂ ᠲᠦᠷᠪᠡᠨ ᠵᠦᠢᠯ ᠤᠨ ᠲᠣᠰᠬᠤᠨ ᠤ ᠬᠠᠮᠲᠤ ᠶᠢᠨ ᠲᠣᠭᠲᠠᠮᠠᠯ ᠬᠦᠷᠦᠩᠭᠡ ᠵᠢᠴᠢ ᠲᠣᠰᠬᠤᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠳᠤ ᠣᠷᠣᠭᠤᠯᠤᠭᠰᠠᠨ ᠵᠡᠷᠭᠡ ᠵᠦᠢᠯᠡᠰ ᠤᠨ ᠲᠤᠬᠠᠢ ᠲᠠᠶᠢᠯᠤᠮᠵᠢ ᠬᠢᠵᠡᠢ᠃
 
ᠢᠷᠡᠯᠲᠡ᠄ ᠳᠤᠮᠳᠠᠳᠤ ᠤᠯᠤᠰ ᠤᠨ ᠤᠮᠠᠷᠠᠲᠤ ᠬᠢᠯᠢ ᠶᠢᠨ ᠲᠠᠲᠠᠬᠤ ᠬᠦᠴᠦᠨ ᠲᠠᠢ ᠲᠢᠶᠠᠨ ᡂᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号