ᠷᠡᠰᠢᠶᠠᠨ ᠬᠤᠳᠡ ᠶᠢᠨ ᠢᠷᠪᠢᠰ ᠵᠡᠭᠡᠯᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠲᠥᠯᠥᠭᠡᠯᠡᠭᠴᠢ ᠶᠢᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠵᠢᠴᠢ ᠳᠥᠷᠪᠡᠳᠦᠭᠡᠷ ᠤᠯᠠᠷᠢᠯ ᠤᠨ ᠠᠵᠢᠯ ᠤᠨ ᠡᠭᠡᠯᠵᠢᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/31
    ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠰᠣᠩᠭᠤᠭᠤᠯᠢ ᠶᠢᠨ ᠠᠷᠠᠳ ᠤᠨ ᠬᠠᠷᠢᠯᠴᠠᠭ᠎ᠠ ᠶᠢ ᠨᠢᠭᠲᠠᠷᠠᠭᠤᠯᠬᠤ ᠶᠢᠨ ᠲᠥᠯᠥᠭᠡ᠂ 12 ᠰᠠᠷ᠎ᠠ ᠶᠢᠨ 30 ᠤ ᠡᠳᠦᠷ᠂ ᠷᠡᠰᠢᠶᠠᠨ ᠬᠤᠳᠡ ᠶᠢᠨ ᠢᠷᠪᠢᠰ ᠵᠡᠭᠡᠯᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠢ ᠬᠤᠷᠠᠯᠳᠤᠭᠤᠯᠵᠤ᠂ ᠰᠣᠩᠭᠤᠭᠤᠯᠢ ᠶᠢᠨ ᠠᠷᠠᠳ ᠤᠨ ᠬᠢᠨᠠᠯᠲᠠ ᠪᠠ ᠲᠤᠬᠠᠢ ᠶᠢᠨ ᠲᠠᠯᠠᠪᠤᠷ ᠤᠨ ᠦᠨᠡᠯᠡᠯᠲᠡ ᠶᠢ ᠬᠦᠯᠢᠶᠡᠪᠡ᠃    ᠬᠤᠷᠠᠯ ᠳᠡᠭᠡᠷ᠎ᠡ᠂ ᠲᠥᠯᠥᠭᠡᠯᠡᠭᠴᠢᠳ ᠤᠨ ᠲᠤᠰᠢᠶᠠᠯ ᠤᠨ ᠮᠡᠳᠡᠭᠦᠯᠦᠯᠲᠡ ᠶᠢ ᠲᠤᠬᠠᠢ ᠶᠢᠨ ᠲᠠᠯᠠᠪᠠᠢ ᠳᠤ ᠲᠤᠰᠢᠶᠠᠯ ᠤᠨ ᠮᠡᠳᠡᠭᠦᠯᠦᠯᠲᠡ  ᠪᠠ ᠪᠢᠴᠢᠭ ᠢᠶᠠᠷ ᠲᠤᠰᠢᠶᠠᠯ ᠤᠨ ᠮᠡᠳᠡᠭᠦᠯᠦᠯᠲᠡ ᠬᠢᠬᠦ ᠬᠤᠶᠠᠷ ᠵᠦᠢᠯ ᠤᠨ ᠬᠡᠯᠪᠡᠷᠢ ᠪᠠᠷ ᠶᠠᠪᠤᠭᠳᠠᠭᠤᠯᠵᠤ᠂ ᠲᠥᠯᠥᠭᠡᠯᠡᠭᠴᠢᠳ ᠲᠤᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰ ᠪᠡᠶ᠎ᠡ ᠶᠢᠨ ᠰᠤᠷᠤᠯᠴᠠᠯᠭ᠎ᠠ ᠪᠠᠨ ᠴᠢᠩᠭᠠᠳᠬᠠᠬᠤ᠂ ᠲᠥᠯᠥᠭᠡᠯᠡᠭᠴᠢᠳ ᠤᠨ ᠠᠵᠢᠯᠯᠠᠭ᠎ᠠ ᠳᠤ ᠣᠷᠣᠯᠴᠠᠬᠤ ᠵᠡᠷᠭᠡ ᠲᠠᠯ᠎ᠠ ᠪᠠᠷ ᠰᠣᠩᠭᠤᠭᠤᠯᠢ ᠶᠢᠨ ᠠᠷᠠᠳ ᠲᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢᠶᠠᠨ  ᠮᠡᠳᠡᠭᠦᠯᠦᠭᠰᠡᠨ ᠪᠥᠭᠡᠳ ᠲᠤᠰ ᠪᠡᠶ᠎ᠡ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤᠮᠳᠠ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠪᠠ ᠬᠤᠶᠢᠰᠢᠳᠠ ᠶᠢᠨ ᠠᠵᠢᠯ ᠤᠨ ᠴᠢᠭᠯᠡᠯ ᠢᠶᠠᠨ ᠵᠠᠳᠠᠯᠵᠤ᠂ ᠰᠠᠭᠤᠭᠠᠯᠢ ᠠᠷᠠᠳ ᠲᠤ ᠨᠡᠩ ᠰᠠᠶᠢᠨ ᠦᠢᠯᠡᠴᠢᠯᠡᠬᠦ ᠳᠤ ᠣᠪᠣᠷ ᠢᠶᠠᠨ ᠢᠯᠡᠳᠬᠡᠵᠦ᠂ ᠰᠣᠩᠭᠤᠭᠤᠯᠢ ᠶᠢᠨ ᠠᠷᠠᠳ ᠤᠨ ᠵᠥᠪᠰᠢᠶᠡᠷᠡᠯ ᠢ ᠣᠯᠵᠠᠢ᠃     ᠬᠠᠮᠤᠭ ᠤᠨ ᠡᠴᠦᠰ ᠲᠤ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠳᠥᠷᠪᠡᠳᠦᠭᠡᠷ ᠤᠯᠠᠷᠢᠯ ᠤᠨ ᠠᠵᠢᠯ ᠳᠤ ᠪᠦᠬᠦ ᠲᠠᠯ᠎ᠠ ᠶᠢᠨ ᠳ᠋ᠦᠩᠨᠡᠯᠲᠡ ᠬᠢᠵᠦ᠂ ᠬᠠᠮᠲᠤ ᠪᠠᠷ ︽ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ︾ ᠶᠢ ᠰᠤᠷᠤᠯᠴᠠᠵᠤ᠂ ᠳᠠᠷᠠᠭᠠᠴᠢ ᠶᠢᠨ ᠠᠯᠬᠤᠮ ᠳᠤ ᠲᠥᠯᠥᠭᠡᠯᠡᠭᠴᠢᠳ ᠤᠨ ᠰᠠᠨᠠᠭᠤᠯᠭ᠎ᠠ ᠰᠠᠨᠠᠯ ᠳᠤᠷᠠᠳᠤᠯᠭ᠎ᠠ ᠶᠢᠨ ᠴᠢᠭᠯᠡᠯ ᠤᠨ ᠰᠡᠳᠬᠢᠴᠡ ᠵᠡᠷᠭᠡ ᠳᠤ ᠭᠦᠨᠵᠡᠭᠡᠢ ᠰᠣᠯᠢᠯᠴᠠᠭ᠎ᠠ ᠬᠢᠬᠦ ᠪᠥᠭᠡᠳ ᠬᠠᠮᠲᠤ ᠶᠢᠨ ᠲᠠᠨᠢᠯᠲᠠ ᠲᠠᠢ ᠪᠣᠯᠭᠠᠨ᠎ᠠ᠃
 
ᠢᠷᠡᠯᠲᠡ᠄ ᠢᠷᠪᠢᠰ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号