ᠷᠡᠰᠢᠶᠠᠨ ᠬᠤᠳᠡ ᠶᠢᠨ ᠢᠷᠪᠢᠰ ᠵᠡᠭᠡᠯᠢ 2024 ᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/31
    ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠬᠤ ᠶᠢᠨ ᠲᠥᠯᠥᠭᠡ᠂ 12 ᠰᠠᠷ᠎ᠠ ᠶᠢᠨ 30 ᠤ ᠡᠳᠦᠷ᠂ ᠷᠡᠰᠢᠶᠠᠨ ᠬᠤᠳᠡ ᠶᠢᠨ ᠢᠷᠪᠢᠰ ᠵᠡᠭᠡᠯᠢ 2024 ᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠬᠤᠷᠠᠯᠳᠤᠭᠤᠯᠪᠠ᠃     ᠬᠤᠷᠠᠯ ᠠᠴᠠ᠂ ᠨᠢᠭᠡ ᠳᠤ᠂ ᠤᠯᠤᠰ ᠲᠦᠷᠦ ᠶᠢᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠪᠠᠶᠢᠭᠤᠯᠤᠯᠲᠠ ᠶᠢᠨ ᠴᠢᠳᠠᠪᠤᠷᠢ ᠶᠢ ᠲᠤᠪᠤᠶᠢᠯᠭᠠᠪᠠ᠃ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠵᠣᠬᠢᠶᠠᠨ ᠪᠠᠶᠢᠭᠤᠯᠤᠯᠲᠠ ᠶᠢᠨ ᠬᠦᠴᠦᠨ ᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠨ᠂ ᠵᠢᠷᠤᠮᠵᠢᠭᠰᠠᠨ ᠪᠠᠷᠢᠮᠵᠢᠶᠠᠵᠢᠭᠰᠠᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠬᠤᠶᠠᠷ ᠲᠤ᠂ ᠰᠢᠨ᠎ᠡ ᠶᠢ ᠡᠭᠦᠳᠬᠦ ᠶᠢ ᠬᠦᠳᠦᠯᠦᠨ ᠳᠠᠭᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠨᠠᠮ ᠤᠨ ᠪᠠᠶᠢᠭᠤᠯᠤᠯᠲᠠ ᠶᠢᠨ ᠠᠵᠢᠯ ᠤᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ ᠶᠢ ᠴᠢᠬᠤᠯᠠᠴᠢᠯᠠᠵᠤ᠂ ᠵᠡᠭᠡᠯᠢ ᠭᠤᠳᠤᠮᠵᠢ ᠶᠢᠨ ᠠᠵᠢᠯ ᠤᠨ ᠣᠨᠴᠠᠯᠢᠭ ᠲᠠᠢ ᠤᠶᠠᠯᠳᠤᠭᠤᠯᠤᠨ᠂ ︽ᠨᠠᠮ ᠤᠨ ᠪᠠᠶᠢᠭᠤᠯᠤᠯᠲᠠ︾ ᠶᠢᠨ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠡᠭᠡᠯᠢ ᠭᠤᠳᠤᠮᠵᠢ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠭᠤᠷᠪᠠ ᠳᠤ᠂ ᠦᠢᠯᠡᠳᠦᠯ ᠢᠶᠠᠨ ᠪᠠᠳᠠᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠦᠳᠡᠯᠣᠭᠡ ᠨᠠᠰᠣᠨ ᠤ ᠤᠶᠤᠨ ᠤᠬᠠᠭᠠᠨ ᠬᠦᠴᠦᠨ ᠴᠢᠳᠠᠯ ᠢᠶᠠᠨ ᠡᠷᠭᠦᠬᠦ ᠭᠡᠷᠡᠭᠳᠡᠢ᠃ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠨᠠᠮ ᠤᠨ ᠭᠡᠰᠢᠭᠦᠳ ︽ᠦᠯᠡᠳᠡᠪᠦᠷᠢ ᠢᠯᠴᠢ︾ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠲᠣᠰ ᠪᠡᠶ᠎ᠡ ᠶᠢᠨ ᠴᠠᠭ ᠭᠦᠢᠴᠡᠳ᠂ ᠣᠯᠠᠨ ᠲᠦᠮᠡᠨ ᠲᠠᠢ ᠬᠠᠷᠢᠯᠴᠠᠬᠤ ᠳᠤ ᠲᠥᠬᠦᠮ ᠪᠠᠶᠢᠬᠤ ᠳᠠᠪᠠᠭᠤᠯᠢᠭ ᠢᠶᠠᠨ ᠠᠰᠢᠭᠯᠠᠨ᠂ ᠨᠡᠶᠢᠭᠡᠮ ᠲᠣᠭᠤᠷᠢᠭ ᠪᠣᠯᠤᠨ ᠣᠯᠠᠨ ᠲᠦᠮᠡᠨ ᠤ ᠬᠤᠭᠤᠷᠣᠨᠳᠣ ᠬᠥᠭᠦᠷᠭᠡ ᠲᠠᠯᠪᠢᠵᠤ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠵᠠᠰᠠᠯᠲᠠ ᠳᠤ ᠢᠳᠡᠪᠬᠢᠲᠡᠶ ᠦᠢᠯᠡᠳᠦᠯ ᠦᠵᠡᠭᠦᠯᠬᠦ ᠬᠡᠷᠡᠭᠲᠡᠶ᠃    ᠲᠤᠰᠢᠶᠠᠯ ᠤᠨ ᠮᠡᠳᠡᠭᠦᠯᠦᠯᠲᠡ ᠳᠠᠭᠤᠰᠤᠭᠰᠠᠨ ᠤ ᠲᠠᠷᠠᠭ᠎ᠠ᠂ ᠬᠤᠷᠠᠯ ᠳᠤ ᠣᠷᠣᠯᠴᠠᠭᠰᠠᠨ ᠪᠦᠬᠦ ᠬᠥᠮᠦᠰ ᠪᠠᠶᠢᠭᠤᠯᠭ᠎ᠠ ᠨᠢᠭᠡᠴᠢ ᠶᠢᠨ ᠨᠠᠮ ᠤᠨ ᠡᠭᠦᠷ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠨᠠᠮ ᠤᠨ ᠡᠭᠦᠷ ᠤᠨ ᠱᠦᠵᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠲᠤᠬᠠᠢ ᠶᠢᠨ ᠲᠠᠯᠠᠪᠠᠢ ᠳᠤ ᠰᠢᠯᠭᠠᠨ ᠦᠨᠡᠯᠡᠪᠡ᠃
 
ᠢᠷᠡᠯᠲᠡ᠄ ᠢᠷᠪᠢᠰ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号