ᠷᠡᠰᠢᠶᠠᠨ ᠬᠤᠳᠡ ᠶᠢᠨ ᠲᠢᠶᠠᠨ ᡂᠢ ᠪᠠᠯᠭᠠᠰᠤ ᠮᠡᠳᠡᠯᠭᠡ ᠶᠢᠨ ᠤᠷᠤᠯᠳᠤᠭᠠᠨ ᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/12/4
    ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠣ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦ ᠶᠢᠨ ᠪᠤᠳᠤᠯᠭ᠎ᠠ ᠶᠢᠨ ᠤᠨᠤᠯ ᠤᠨ ᠮᠡᠳᠡᠯᠭᠡ ᠶᠢᠨ ᠨᠥᠭᠡᠴᠡ ᠶᠢ ᠴᠢᠨᠠᠭᠰᠢᠳᠠ ᠴᠢᠩᠭᠠᠳᠬᠠᠬᠤ ᠶᠢᠨ ᠲᠥᠯᠥᠭᠡ᠂ 12 ᠰᠠᠷ᠎ᠠ ᠶᠢᠨ 3 ᠤ ᠡᠳᠦᠷ᠂ ᠷᠡᠰᠢᠶᠠᠨ ᠬᠤᠳᠡ ᠶᠢᠨ ᠲᠢᠶᠠᠨ ᡂᠢ ᠪᠠᠯᠭᠠᠰᠤ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠳᠤ ᠮᠡᠳᠡᠪᠡᠰᠣ ᠵᠣᠬᠢᠬᠤ ᠮᠡᠳᠡᠯᠭᠡ ᠶᠢᠨ ᠤᠷᠤᠯᠳᠤᠭᠠᠨ︾ ᠭᠡᠬᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃    ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠰᠢᠶᠤᠤ ᠯᠦᠩ᠂ ᠪᠠᠯᠭᠠᠰᠤ ᠲᠣᠰᠬᠤᠨ ᠤ ᠺᠠᠳ᠋ᠷ ᠡᠬᠦᠷᠭᠡ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠡᠯ᠎ᠡ ᠱᠠᠲᠤᠨ ᠤ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠡᠯ᠎ᠡ ᠵᠦᠢᠯ ᠤᠨ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠶ᠃ ᠪᠣᠯᠪᠠᠰᠤᠷᠠᠯ ᠢᠶᠠᠨ ᠴᠢᠩᠭᠠᠳᠬᠠᠵᠤ᠂ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠮᠡᠳᠡᠯᠭᠡ ᠶᠢᠨ ᠲᠤᠬᠠᠢ ᠣᠶᠢᠯᠠᠭᠠᠯᠲᠠ ᠪᠠ ᠡᠵᠡᠮᠳᠡᠯ ᠢᠶᠠᠨ ᠭᠦᠨᠵᠡᠭᠡᠶᠢᠷᠡᠭᠦᠯᠬᠦ ᠭᠡᠷᠡᠭᠳᠡᠢ︔ ᠲᠠᠩᠰᠠ ᠡᠪᠬᠡᠮᠡᠯ ᠢ ᠵᠢᠷᠤᠮᠵᠢᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠠᠩᠰᠠ ᠡᠪᠬᠡᠮᠡᠯ ᠤᠨ ᠰᠢᠰᠲ᠋ᠧᠮ ᠢ ᠲᠡᠭᠦᠯᠳᠡᠷᠵᠢᠭᠦᠯᠣᠨ᠂ ᠲᠠᠩᠰᠠ ᠡᠪᠬᠡᠮᠡᠯ ᠤᠨ ᠠᠵᠢᠯ ᠤᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃ ᠬᠠᠪᠰᠤᠷᠤᠨ ᠲᠡᠳᠬᠦᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ ᠬᠠᠪᠰᠤᠷᠤᠨ ᠲᠡᠳᠬᠦᠬᠦ ᠬᠦᠴᠦᠨ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠣ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠤᠮᠠᠷᠠᠲᠤ ᠬᠢᠯᠢ ᠶᠢᠨ ᠲᠠᠲᠠᠬᠤ ᠬᠦᠴᠦᠨ ᠲᠠᠢ ᠲᠢᠶᠠᠨ ᡂᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号