ᠬᠠᠷᠢᠶ᠎ᠠ ᠣᠷᠣᠨ ᠤ ᠰᠠᠭᠤᠭᠠᠯᠢ ᠠᠷᠠᠳ ᠤᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠲᠡᠳᠡᠨ ᠤ | ᠭᠡᠨᠡᠳᠲᠡ ᠶᠢᠨ ᠬᠡᠷᠡᠭ ᠪᠠ ᠰᠠᠨᠠᠭᠠᠨ ᠳᠤ ᠥᠬᠡᠶ ᠭᠡᠮᠲᠦᠯ ᠠᠴᠠ ᠪᠣᠯᠵᠣ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ | ᠲᠤᠰᠠᠯᠠᠬᠤ ᠪᠠ ᠥᠪᠡᠷ ᠢ ᠪᠠᠨ ᠠᠪᠤᠷᠠᠵᠤ ᠬᠠᠷᠢᠯᠴᠠᠨ ᠠᠪᠤᠷᠬᠠᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ | 12 ᠰᠠᠷ᠎ᠠ ᠶᠢᠨ 3 ᠤ ᠡᠳᠦᠷ᠂ ᠷᠡᠰᠢᠶᠠᠨ ᠬᠤᠳᠡ ᠶᠢᠨ ᠸᠧᠨᠴᠢᠤᠸᠠᠨ ᠵᠡᠭᠡᠯᠢ ᠶᠢᠨ ᠾᠧ ᠪᠢᠨ ᠨᠡᠶᠢᠭᠡᠮ ᠲᠣᠭᠤᠷᠢᠭ | ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠠᠢ ᠬᠠᠮᠲᠤᠷᠠᠨ CPRAED ᠠᠪᠤᠷᠠᠬᠤ ᠪᠣᠯᠪᠠᠰᠤᠷᠠᠯ ᠤᠨ ᠠᠵᠢᠯᠯᠠᠭ᠎ᠠ | ᠥᠷᠨᠢᠭᠦᠯᠪᠡ᠃ | ᠪᠣᠯᠪᠠᠰᠤᠷᠠᠯ ᠤᠨ ᠪᠠᠭᠰᠢ ᠨᠠᠷ ᠡᠩ ᠲᠡᠷᠢᠭᠦᠨ ᠳᠤ PPT ᠬᠡᠯᠪᠡᠷᠢ ᠪᠠᠷ ᠣᠯᠠᠨ ᠤ ᠠᠮᠢᠳᠤᠷᠠᠯ ᠳᠤ | ᠲᠣᠬᠢᠶᠠᠯᠳᠤᠵᠤ ᠮᠡᠳᠡᠬᠦ ᠭᠡᠨᠡᠳᠲᠡ ᠶᠢᠨ ᠪᠠᠶᠢᠳᠠᠯ ᠤᠨ ᠪᠠᠴᠢᠮ ᠠᠪᠤᠷᠠᠯᠲᠠ᠂ ᠵᠢᠱᠢᠶᠡᠯᠡᠪᠡᠯ ᠬᠡᠢ ᠶᠢᠨ ᠵᠠᠮ ᠤᠨ | ᠣᠨᠳᠣᠤ ᠪᠣᠳᠠᠰ ᠤᠨ ᠲᠦᠭᠵᠢᠷᠡᠯ᠂ ᠬᠤᠭᠤᠰᠣᠨ ᠭᠠᠷ ᠤᠨ ᠠᠭᠤᠰᠬᠢᠨ ᠤ ᠰᠡᠷᠭᠦᠯᠲᠡ ︵CPR︶ ᠪᠠ ᠪᠡᠶ᠎ᠡ ᠶᠢᠨ | ᠭᠠᠳᠠᠨᠠᠬᠢ ᠴᠡᠴᠡᠷᠡᠯ ᠠᠷᠢᠯᠭᠠᠬᠤ ᠠᠦ᠋ᠲ᠋ᠣ᠋ AED ᠶᠢᠨ ᠬᠡᠷᠡᠭᠯᠡᠯᠲᠡ ᠵᠡᠷᠭᠡ ᠶᠢ ᠠᠮᠢᠳᠤᠯᠢᠭ ᠪᠥᠭᠡᠳ ᠨᠠᠷᠢᠨ | ᠲᠠᠶᠢᠯᠪᠤᠷᠢᠯᠠᠭᠰᠠᠨ ᠪᠠᠶᠢᠨ᠎ᠠ᠃ ᠳᠠᠷᠠᠭ᠎ᠠ ᠨᠢ᠂ ᠵᠢᠯᠣᠭᠤᠳᠣᠯᠭ᠎ᠠ ᠶᠢᠨ ᠪᠠᠭᠰᠢ ᠠᠴᠠ ᠪᠣᠯᠪᠠᠰᠤᠷᠠᠯ ᠤᠨ ᠤᠨᠤᠯ ᠤᠨ | ᠮᠡᠳᠡᠯᠭᠡ ᠪᠠ ᠪᠣᠳᠠᠲᠠᠢ ᠠᠪᠤᠷᠠᠬᠤ ᠤᠷ᠎ᠠ ᠮᠡᠷᠭᠡᠵᠢᠯ ᠲᠠᠢ ᠤᠶᠠᠯᠳᠤᠭᠤᠯᠤᠨ ᠭᠤᠷᠪᠠᠨ ᠵᠦᠢᠯ ᠤᠨ ᠲᠦᠷᠭᠡᠨ | ᠠᠪᠤᠷᠠᠯᠲᠠ ᠶᠢᠨ ᠠᠷᠭ᠎ᠠ ᠶᠢ ᠲᠤᠬᠠᠢ ᠶᠢᠨ ᠲᠠᠯᠠᠪᠠᠢ ᠳᠤ ᠲᠡᠯᠭᠡᠨ ᠦᠵᠡᠭᠦᠯᠵᠡᠢ᠃ | ᠲᠣᠰ ᠤᠳᠠᠭᠠᠨ ᠤ ᠪᠣᠯᠪᠠᠰᠤᠷᠠᠯ ᠢᠶᠠᠷ ᠳᠠᠮᠵᠢᠭᠤᠯᠤᠨ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠠᠮᠤᠷ | ᠲᠦᠪᠰᠢᠨ ᠤ ᠠᠰᠠᠭᠤᠳᠠᠯ ᠤᠨ ᠲᠤᠬᠠᠶ ᠨᠠᠩ ᠰᠢᠭᠤᠳ ᠲᠥᠷᠥᠭᠳᠡᠯ ᠲᠠᠢ ᠪᠣᠯᠭᠠᠵᠤ᠂ ᠲᠡᠳᠡᠨ ᠤ ᠠᠮᠤᠷ ᠲᠦᠪᠰᠢᠨ ᠤ | ᠤᠬᠠᠮᠰᠠᠷ ᠢ ᠳᠡᠭᠡᠭᠰᠢᠯᠡᠭᠦᠯᠦᠨ᠂ ᠠᠮᠤᠷ ᠲᠦᠪᠰᠢᠨ ᠤ ᠠᠰᠠᠭᠤᠳᠠᠯ ᠡᠭᠦᠰᠬᠦ ᠶᠢ ᠪᠦᠲᠦᠮᠵᠢᠲᠡᠶ ᠰᠡᠷᠭᠡᠶᠢᠯᠡᠭᠰᠡᠨ | ᠪᠠᠶᠢᠨ᠎ᠠ᠃ |