ᠷᠡᠰᠢᠶᠠᠨ ᠬᠤᠳᠡ ᠶᠢᠨ ᠰᠢᠨ ᠴᠧᠩ ᠵᠡᠭᠡᠯᠢ ᠶᠢᠨ ᠰᠧᠨᠸᠠᠩ ᠨᠡᠶᠢᠭᠡᠮ ᠲᠣᠭᠤᠷᠢᠭ ᠪᠦᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/4
    ᠬᠠᠷᠢᠶ᠎ᠠ ᠣᠷᠣᠨ ᠤ ᠰᠠᠭᠤᠭᠠᠯᠢ ᠠᠷᠠᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠰᠠᠶᠢᠨ ᠰᠠᠶᠢᠬᠠᠨ ᠤᠩᠰᠢᠯᠭ᠎ᠠ ᠶᠢᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠬᠤ ᠶᠢᠨ ᠲᠥᠯᠥᠭᠡ᠂ 12 ᠰᠠᠷ᠎ᠠ ᠶᠢᠨ 2 ᠤᠨ ᠡᠳᠦᠷ᠂ ᠷᠡᠰᠢᠶᠠᠨ ᠬᠤᠳᠡ ᠶᠢᠨ ᠰᠢᠨ ᠴᠧᠩ ᠵᠡᠭᠡᠯᠢ ᠶᠢᠨ ᠰᠧᠨᠸᠠᠩ ᠨᠡᠶᠢᠭᠡᠮ ᠲᠣᠭᠤᠷᠢᠭ ᠪᠥᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠥᠷᠨᠢᠭᠦᠯᠪᠡ᠃          ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠬᠢᠨ ᠪᠠᠰᠠ ᠰᠣᠶᠣᠯ ᠤᠨ ᠨᠡᠷᠡᠲᠦ ᠬᠥᠮᠦᠰ ᠪᠣᠯᠤᠨ ᠨᠡᠷ᠎ᠡ ᠬᠦᠨᠳᠦᠲᠦ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯᠲᠡᠨ ᠢ ᠤᠷᠢᠵᠤ ᠨᠣᠮ ᠤᠩᠰᠢᠵᠤ ᠬᠤᠪᠢᠶᠠᠯᠴᠠᠬᠤ ᠬᠤᠷᠠᠯ ᠪᠣᠯᠤᠨ ᠰᠣᠶᠣᠯ ᠤᠨ ᠲᠠᠶᠢᠯᠤᠮᠵᠢ ᠬᠢᠵᠣ᠂ ᠰᠣᠩᠭᠤᠳᠠᠭ ᠨᠠᠷᠠᠲᠤ ᠵᠣᠬᠢᠶᠠᠯ ᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠯᠳᠡ ᠬᠢᠵᠣ᠂ ᠤᠩᠰᠢᠯᠭ᠎ᠠ ᠶᠢᠨ ᠠᠷᠭ᠎ᠠ ᠪᠠ ᠤᠷ᠎ᠠ ᠮᠡᠷᠭᠡᠵᠢᠯ ᠢᠶᠠᠨ ᠬᠤᠪᠢᠶᠠᠯᠴᠠᠭᠰᠠᠨ ᠪᠥᠭᠡᠳ ᠰᠠᠭᠤᠭᠠᠯᠢ ᠠᠷᠠᠳ ᠲᠠᠢ ᠬᠠᠯᠠᠭᠤᠨ ᠢᠶᠠᠷ ᠰᠠᠨᠠᠯ ᠢᠶᠠᠨ ᠰᠣᠯᠢᠯᠴᠠᠵᠤ᠂ ᠣᠯᠠᠨ ᠤ ᠤᠩᠰᠢᠯᠭ᠎ᠠ ᠶᠢᠨ ᠶᠠᠪᠤᠴᠠ ᠳᠤ ᠲᠤᠯᠭᠠᠷᠠᠭᠰᠠᠨ ᠲᠥᠭᠡᠷᠢᠭᠳᠡᠯ ᠪᠠ ᠠᠰᠠᠭᠤᠳᠠᠯ ᠳᠤ ᠬᠠᠷᠢᠭᠤᠯᠲᠠ ᠥᠭᠴᠦ᠂ ᠰᠠᠭᠤᠭᠠᠯᠢ ᠠᠷᠠᠳ ᠤᠨ ᠤᠩᠰᠢᠯᠭ᠎ᠠ ᠶᠢᠨ ᠬᠠᠯᠠᠭᠤᠨ ᠰᠡᠳᠬᠢᠯᠭᠡ ᠪᠠ ᠭᠦᠨᠵᠡᠭᠡᠶ ᠪᠣᠳᠣᠯᠬᠢᠯᠠᠯ ᠢ ᠬᠥᠭᠵᠢᠭᠡᠪᠡ᠃    ᠲᠣᠰ ᠤᠳᠠᠭᠠᠨ ᠤ ᠪᠥᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠰᠠᠭᠤᠭᠠᠯᠢ ᠠᠷᠠᠳ ᠲᠤ ᠰᠣᠯᠢᠯᠴᠠᠭ᠎ᠠ ᠬᠢᠬᠦ᠂ ᠬᠠᠮᠲᠤ ᠪᠠᠷ ᠰᠤᠷᠤᠯᠴᠠᠬᠤ ᠲᠠᠪᠴᠠᠩ ᠬᠠᠩᠭᠠᠭᠰᠠᠨ ᠢᠶᠠᠷ ᠪᠠᠷᠠᠬᠤ ᠥᠬᠡᠶ ᠪᠠᠰᠠ ᠨᠡᠶᠢᠭᠡᠮ ᠲᠣᠭᠤᠷᠢᠭ ᠤᠨ ᠡᠶ᠎ᠡ ᠵᠣᠬᠢᠴᠠᠯ ᠲᠠᠢ ᠰᠣᠶᠣᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠨᠡᠶᠢᠭᠡᠮ ᠲᠣᠭᠤᠷᠢᠭ ᠤᠨ ᠨᠢᠭᠲᠠᠷᠠᠯ ᠤᠨ ᠬᠦᠴᠦᠨ ᠪᠠ ᠲᠥᠪᠯᠡᠩᠭᠦᠶ ᠬᠦᠴᠦᠨ ᠢ ᠴᠢᠩᠭᠠᠷᠠᠭᠤᠯᠤᠭᠰᠠᠨ ᠪᠠᠶᠢᠨ᠎ᠠ᠃ ᠰᠧᠨᠸᠠᠩ ᠨᠡᠶᠢᠭᠡᠮ ᠲᠣᠭᠤᠷᠢᠭ ᠤᠨ ᠬᠢᠨ ᠲᠤᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠤᠯᠠᠨ ᠬᠡᠯᠪᠡᠷᠢ ᠶᠢᠨ ᠤᠩᠰᠢᠯᠭ᠎ᠠ ᠶᠢ ᠳᠡᠯᠭᠡᠷᠡᠭᠦᠯᠬᠦ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠤᠩᠰᠢᠯᠭ᠎ᠠ ᠶᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠠᠮᠢᠳᠤᠷᠠᠯ ᠤᠨ ᠬᠡᠪ ᠤᠨ ᠪᠠᠶᠢᠳᠠᠯ ᠪᠣᠯᠭᠠᠵᠤ᠂ ᠨᠣᠮ ᠤᠨ ᠦᠨᠦᠷ ᠢ ᠨᠡᠶᠢᠭᠡᠮ ᠲᠣᠭᠤᠷᠢᠭ ᠤᠨ ᠥᠨᠴᠥᠭ ᠪᠤᠯᠤᠩ ᠦᠯᠡᠳᠡᠭᠡᠯ ᠦᠭᠡᠢ ᠨᠠᠪᠴᠢᠬᠦᠯᠵᠣ᠂ ᠰᠣᠶᠣᠯ ᠤᠨ ᠨᠡᠶᠢᠭᠡᠮ ᠲᠣᠭᠤᠷᠢᠭ᠂ ᠪᠣᠯᠪᠠᠰᠤᠨ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢᠨ ᠰᠢᠨ᠎ᠡ ᠳᠡᠭᠲᠡᠷ ᠲᠤ ᠭᠠᠷᠭᠠᠬᠤ ᠳᠤ ᠬᠦᠴᠦᠨ ᠨᠡᠮᠡᠷᠢᠯᠡᠪᠡ᠃
 
ᠢᠷᠡᠯᠲᠡ᠄ ᠪᠦᠯᠬᠦᠮᠳᠡᠨ ᠲᠡᠮᠡᠴᠡᠵᠦ ᠳᠤᠮᠳᠠᠬᠢ ᠷᠠᠰᠢᠶᠠᠨ ᠤ ᠷᠢᠳᠢ ᠰᠢᠳᠢ ᠲᠠᠢ ᠰᠢᠨ ᠴᠧᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号