︽  ᠲᠣᠮᠳᠡᠳᠣ ᠶᠢᠨ ᠦᠨᠳᠣᠰᠣᠳᠡᠨ ᠨᠢᠭᠡ ᠭᠡᠷ ᠮᠠᠳᠣ ᠲᠣᠳᠣᠨᠣ︾— ᠣᠶᠣᠨ ᠰᠠᠨᠠᠭᠠᠨ ᠤ ᠭᠡᠷ ᠣᠷᠣᠨ  ᠢᠶᠠᠨ ᠬᠠᠮᠳᠣᠪᠡᠷ ᠴᠣᠬᠴᠠᠯᠠᠨ᠎ᠠ
ᠨᠡᠶᠢᠲᠡᠯᠡᠭᠰᠡᠨ ᠴᠠᠭ᠄
2024/12/4
    ᠣᠶᠢᠷ᠎ᠠ ᠳᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠭᠦᠨᠵᠡᠭᠡᠶ ᠲᠤᠭᠤᠰᠢᠯᠠᠭᠤᠯᠵᠤ᠂ ᠵᠠᠯᠠᠭᠤᠴᠤᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ 12 ᠰᠠᠷ᠎ᠠ ᠶᠢᠨ 3 ᠤ ᠡᠳᠦᠷ᠂ ᠷᠡᠰᠢᠶᠠᠨ ᠬᠤᠲᠠ ᠶᠢᠨ ᠸᠧᠨᠴᠢᠣᠸᠠᠨ ᠵᠡᠭᠡᠯᠢ ᠶᠢᠨ ᠡᠪᠯᠡᠯ ᠤᠨ ᠬᠤᠷᠢᠶ᠎ᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠬᠴᠠᠯᠠᠵᠤ᠂ ᠣᠶᠤᠨ ᠰᠠᠨᠠᠭᠠᠨ ᠤ ᠭᠡᠷ ᠣᠷᠣᠨ ᠢᠶᠠᠨ ᠭᠠᠷ ᠬᠤᠯᠪᠣᠨ ᠬᠠᠮᠲᠤ ᠪᠠᠷ ᠪᠦᠳᠦᠭᠡᠨ ᠪᠠᠶᠢᠭᠤᠯᠤᠨ᠎ᠠ︾ ᠭᠡᠬᠦ ᠭᠤᠤᠯ ᠰᠡᠳᠦᠪᠳᠣ ᠡᠪᠯᠡᠯ ᠤᠨ ᠡᠳᠦᠷ ᠤᠨ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠶᠢᠨ ᠠᠭᠤᠯᠭ᠎ᠠ ᠨᠢ ᠪᠠᠶᠠᠯᠢᠭ᠂ ᠬᠡᠯᠪᠡᠷᠢ ᠨᠢ ᠣᠯᠠᠨ ᠶᠠᠩᠵᠤ ᠶᠢᠨ ᠪᠠᠶᠢᠵᠤ᠂ ᠰᠤᠷᠭᠠᠨ ᠬᠥᠮᠦᠵᠢᠯ ᠢ ᠪᠠᠶᠠᠷ ᠴᠡᠩᠭᠡᠯ ᠲᠠᠢ ᠪᠠᠶᠢᠯᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠠᠨ ᠤ ᠤᠯᠤᠰ ᠤᠨ ᠦᠨᠳᠦᠰᠦᠲᠡᠨ ᠨᠦᠭᠦᠳ ᠤᠨ ᠣᠯᠠᠨ ᠡᠰᠢᠲᠦ ᠰᠣᠶᠣᠯ ᠢ ᠨᠠᠩ ᠭᠦᠨᠵᠡᠭᠡᠶ ᠣᠶᠢᠯᠠᠭᠠᠭᠤᠯᠵᠤ᠂ ᠪᠦᠯᠬᠦᠮᠳᠡᠯ ᠲᠠᠢ ᠡᠶ᠎ᠡ ᠵᠣᠬᠢᠴᠠᠯ ᠲᠠᠢ ᠣᠶᠤᠨ ᠰᠠᠨᠠᠭᠠᠨ ᠤ ᠭᠡᠷ ᠣᠷᠣᠨ ᠢ ᠬᠠᠮᠲᠤ ᠪᠠᠷ ᠪᠠᠶᠢᠭᠤᠯᠬᠤ ᠶᠢᠨ ᠲᠥᠯᠥᠭᠡ ᠶᠤᠮ᠃    ᠲᠣᠰ ᠤᠳᠠᠭᠠᠨ ᠤ ᠭᠤᠤᠯ ᠰᠡᠳᠦᠪᠲᠦ ᠡᠪᠯᠡᠯ ᠤᠨ ᠡᠳᠦᠷ ᠤᠨ ᠠᠵᠢᠯᠯᠠᠭ᠎ᠠ ᠨᠢ ᠡᠪᠯᠡᠯ ᠤᠨ ᠭᠡᠰᠢᠭᠦᠳ ᠲᠤ ᠮᠠᠨ ᠤ ᠤᠯᠤᠰ ᠤᠨ ᠦᠨᠳᠦᠰᠦᠲᠡᠨ ᠨᠦᠭᠦᠳ ᠤᠨ ᠣᠯᠠᠨ ᠡᠰᠢᠲᠦ ᠰᠣᠶᠣᠯ ᠢ ᠨᠠᠩ ᠭᠦᠨᠵᠡᠭᠡᠶ ᠣᠶᠢᠯᠠᠭᠠᠭᠤᠯᠤᠭᠰᠠᠨ ᠢᠶᠠᠷ ᠪᠠᠷᠠᠬᠤ ᠦᠭᠡᠢ ᠪᠠᠰᠠ ᠲᠡᠳᠡᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠨᠡᠮᠡᠭᠳᠡᠭᠦᠯᠦᠭᠰᠡᠨ ᠪᠠᠶᠢᠨ᠎ᠠ᠃ ᠡᠪᠯᠡᠯ ᠤᠨ ᠭᠡᠰᠢᠭᠦᠳ᠂ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠲᠤ ᠨᠡᠩ ᠢᠳᠡᠪᠬᠢᠲᠡᠢ ᠣᠷᠣᠯᠴᠠᠵᠤ᠂ ᠪᠦᠯᠬᠦᠮᠳᠡᠯ ᠲᠠᠢ ᠡᠶ᠎ᠡ ᠵᠣᠬᠢᠴᠠᠩᠭᠤᠢ ᠣᠶᠣᠨ ᠰᠠᠨᠠᠭᠠᠨ ᠤ ᠭᠡᠷ ᠣᠷᠣᠨ ᠢ ᠪᠠᠶᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠪᠡ᠃
 
ᠢᠷᠡᠯᠲᠡ᠄ ᠷᠡᠰᠢᠶᠠᠨ ᠬᠤᠲᠠ ᠶᠢᠨ ᠸᠧᠨᠴᠢᠣᠸᠠᠨ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号