2024 ᠣᠨ ᠤ 12 ᠰᠠᠷ᠎ᠠ ᠶᠢᠨ 4 ᠤ ᠡᠳᠦᠷ ᠪᠣᠯ ᠮᠠᠨ ᠤ ᠤᠯᠤᠰ ᠤᠨ ᠠᠷᠪᠠᠨ ᠨᠢᠭᠡᠳᠡᠬᠢ ᠦᠨᠳᠦᠰᠦᠨ | ᠬᠠᠤᠯᠢ ᠶᠢᠨ ᠡᠳᠦᠷ ᠮᠥᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠠᠤᠯᠢ ᠴᠠᠭᠠᠵᠠ ᠶᠢᠨ ᠤᠬᠠᠮᠰᠠᠷ ᠢ | ᠴᠢᠩᠭᠠᠳᠬᠠᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠣᠶᠢᠯᠠᠭᠠᠬᠤ | ᠨᠣᠷᠮ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠷᠡᠰᠢᠶᠠᠨ ᠬᠤᠳᠡ ᠶᠢᠨ ᠲᠢᠶᠠᠨ ᡂᠢ ᠨᠡᠶᠢᠭᠡᠮ ᠲᠣᠭᠤᠷᠢᠭ ︽12.4︾ | ᠤᠯᠤᠰ ᠤᠨ ᠦᠨᠳᠦᠰᠦᠨ ᠬᠠᠤᠯᠢ ᠶᠢᠨ ᠡᠳᠦᠷ ᠤᠨ ᠬᠠᠤᠯᠢ ᠴᠠᠭᠠᠵᠠ ᠶᠢᠨ ᠮᠡᠳᠡᠯᠭᠡ ᠶᠢᠨ ᠤᠬᠠᠭᠤᠯᠭ᠎ᠠ ᠥᠷᠨᠢᠭᠦᠯᠪᠡ᠃ | ᠠᠵᠢᠯᠯᠠᠭᠠᠨ ᠤ ᠳᠤᠮᠳᠠ ᠠᠵᠢᠯᠲᠠᠳ ︽ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ︾ ᠲᠣᠭᠤᠷᠢᠨ ᠳᠤ | ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠪᠠᠰᠠ ᠲᠦᠬᠦᠮ ᠣᠶᠢᠯᠠᠭᠠᠮᠵᠢᠲᠠᠢ ᠦᠭᠡ ᠬᠡᠯᠡ ᠪᠠᠷ ᠤᠯᠠᠨ ᠲᠦᠮᠡᠨ ᠳᠤ | ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠤᠬᠠᠭᠤᠯᠤᠨ ᠪᠠᠳᠠᠷᠠᠭᠤᠯᠵᠤ᠂ ᠥᠷᠭᠡᠨ ᠤᠯᠠᠨ ᠰᠠᠭᠤᠭᠠᠯᠢ ᠠᠷᠠᠳ ᠤᠨ | ᠬᠠᠤᠯᠢ ᠶᠢ ᠬᠦᠨᠳᠦᠳᠬᠡᠬᠦ᠂ ᠬᠠᠤᠯᠢ ᠶᠢ ᠰᠤᠷᠤᠯᠴᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠤᠬᠠᠮᠰᠠᠷ ᠢ ᠤᠯᠠᠮ | ᠴᠢᠨᠠᠭᠰᠢᠳᠠ ᠳᠡᠭᠡᠭᠰᠢᠯᠡᠭᠦᠯᠵᠦ᠂ ᠬᠠᠤᠯᠢ ᠴᠠᠭᠠᠵᠠ ᠪᠣᠯᠤᠨ ᠮᠠᠨ ᠤ ᠬᠥᠮᠦᠨ ᠨᠢᠭᠡᠪᠦᠷᠢ ᠶᠢᠨ ᠠᠮᠢᠳᠤᠷᠠᠯ ᠲᠠᠢ ᠨᠢᠭᠲᠠ | ᠬᠤᠯᠪᠣᠭ᠎ᠠ ᠲᠠᠢ ᠭᠡᠳᠡᠭ ᠢ ᠦᠨᠡᠨ ᠬᠦ ᠰᠡᠷᠡᠵᠦ ᠮᠡᠳᠡᠬᠦᠯᠵᠡᠢ᠃ ᠡᠭᠦᠨ ᠤ ᠬᠠᠮᠲᠤ ᠤᠬᠠᠭᠤᠯᠭ᠎ᠠ ᠶᠢᠨ ᠠᠴᠢᠶᠠᠯᠠᠪᠤᠷᠢ ᠶᠢ | ᠥᠷᠭᠡᠳᠬᠡᠵᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠨ᠂ ᠰᠠᠭᠤᠭᠠᠯᠢ ᠠᠷᠠᠳ ᠤᠨ ᠠᠰᠠᠭᠤᠳᠠᠯ ᠢ ᠨᠢᠭᠤᠷᠳᠠᠨ | ᠬᠠᠷᠢᠭᠤᠯᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠦᠨᠳᠦᠰᠦᠨ ᠬᠠᠤᠯᠢ ᠶᠢᠨ ᠤᠬᠠᠭᠤᠯᠭ᠎ᠠ ᠶᠢᠨ | ᠲᠠᠲᠠᠬᠤ ᠬᠦᠴᠦᠨ ᠪᠠ ᠨᠥᠯᠥᠭᠡᠯᠡᠬᠦ ᠬᠦᠴᠦᠨ ᠢ ᠴᠢᠩᠭᠠᠷᠠᠭᠤᠯᠵᠤ᠂ ᠦᠨᠳᠦᠰᠦᠨ ᠬᠠᠤᠯᠢ ᠶᠢ ᠤᠯᠠᠨ ᠲᠦᠮᠡᠨ ᠤ ᠳᠡᠷᠭᠡᠳᠡ | ᠬᠦᠷᠴᠦ᠂ ᠤᠯᠠᠨ ᠲᠦᠮᠡᠨ ᠤ ᠰᠡᠳᠬᠢᠯ ᠳᠤ ᠰᠠᠭᠤᠬᠳᠡᠭᠤᠯᠬᠤ ᠶᠢ ᠠᠬᠢᠭᠤᠯᠪᠠ᠃ | ᠲᠣᠰ ᠤᠳᠠᠭᠠᠨ ᠤ ᠤᠬᠠᠭᠤᠯᠭ᠎ᠠ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠦᠨᠳᠦᠰᠦᠨ ᠬᠠᠤᠯᠢ ᠶᠢᠨ | ᠮᠡᠳᠡᠯᠭᠡ ᠶᠢ ᠪᠠᠶᠠᠯᠢᠭᠵᠢᠭᠤᠯᠵᠤ᠂ ᠰᠠᠭᠤᠭᠠᠯᠢ ᠠᠷᠠᠳ ᠤᠨ ᠦᠨᠳᠦᠰᠦᠨ ᠬᠠᠤᠯᠢ ᠶᠢᠨ ᠤᠬᠠᠮᠰᠠᠷ ᠢ ᠴᠢᠩᠭᠠᠷᠠᠭᠤᠯᠤᠭᠰᠠᠨ ᠢᠶᠠᠷ | ᠪᠠᠷᠠᠬᠤ ᠥᠬᠡᠶ᠂ ᠪᠠᠰᠠ ᠰᠠᠭᠤᠭᠠᠯᠢ ᠠᠷᠠᠳ ᠤᠨ ᠬᠠᠤᠯᠢ ᠴᠠᠭᠠᠵᠠ ᠶᠢᠨ ᠵᠡᠪᠰᠡᠭ ᠢᠶᠠᠷ ᠲᠣᠰ ᠪᠡᠶ᠎ᠡ ᠶᠢᠨ ᠡᠷᠬᠡ ᠠᠰᠢᠭ ᠢᠶᠠᠨ | ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ︽ᠪᠣᠯᠪᠠᠰᠤᠨ ᠦᠢᠯᠡᠳᠦᠯᠭᠡ︾ ᠶᠢᠨ ᠠᠷᠭ᠎ᠠ ᠮᠠᠶ᠋ᠢᠭ ᠢᠶᠠᠷ ᠦᠨᠳᠦᠰᠦᠨ | ᠬᠠᠤᠯᠢ ᠶᠢᠨ ᠵᠣᠷᠢᠭ ᠰᠠᠨᠠᠭ᠎ᠠ ᠶᠢ ᠨᠡᠶᠢᠭᠡᠮ ᠲᠣᠭᠤᠷᠢᠭ ᠲᠤ ᠣᠷᠣᠭᠤᠯᠵᠤ᠂ ᠠᠷᠠᠳ ᠣᠯᠠᠨ ᠤ ᠡᠳᠦᠷ ᠲᠤᠲᠤᠮ ᠤᠨ | ᠠᠮᠢᠳᠤᠷᠠᠯ ᠳᠤ ᠬᠦᠷᠭᠡᠪᠡ᠃ ᠳᠠᠷᠠᠭᠠᠴᠢ ᠶᠢᠨ ᠠᠯᠬᠤᠮ ᠳᠤ᠂ ᠲᠢᠶᠠᠨ ᡂᠢ ᠨᠡᠶᠢᠭᠡᠮ ᠲᠣᠭᠤᠷᠢᠭ ᠦᠷᠭᠦᠯᠵᠢᠯᠡᠨ ︽ | ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠢᠶᠠᠷ ᠠᠵᠠ ᠲᠣᠬᠢᠶᠠᠯ ᠪᠣᠯᠭᠠᠵᠤ᠂ ᠦᠨᠳᠦᠰᠦᠨ ᠬᠠᠤᠯᠢ ᠬᠠᠤᠯᠢ | ᠴᠠᠭᠠᠵᠠ ᠶᠢᠨ ᠤᠬᠠᠭᠤᠯᠭ᠎ᠠ ᠶᠢᠨ ᠠᠵᠢᠯ ᠢ ᠪᠣᠳᠠᠲᠠᠶᠢᠵᠢᠭᠤᠯᠵᠤ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ | ᠪᠠᠳᠠᠷᠠᠭᠤᠯᠬᠤ᠂ ᠠᠮᠤᠷ ᠠᠮᠤᠭᠤᠯᠠᠩ ᠬᠠᠤᠯᠢᠵᠢᠯ ᠤᠨ ᠲᠢᠶᠠᠨ ᡂᠢ ᠶᠢ ᠪᠦᠳᠣᠭᠡᠨ ᠪᠠᠶᠢᠭᠤᠯᠬᠤ ᠳᠤ ᠬᠤᠪᠢ ᠨᠡᠮᠡᠷᠢ ᠪᠠᠨ | ᠦᠵᠡᠭᠦᠯᠤᠨ᠎ᠠ᠃ |