ᠦᠨᠳᠦᠰᠦᠨ ᠬᠠᠤᠯᠢ ᠶᠢᠨ ᠤᠬᠠᠭᠤᠯᠭ᠎ᠠ ᠶᠢ ᠪᠠᠶᠢᠭᠤᠯᠭ᠎ᠠ ᠨᠢᠭᠡᠴᠢ ᠳᠤ ᠬᠦᠷᠭᠡᠵᠣ ᠦᠨᠳᠦᠰᠦᠨ ᠬᠠᠤᠯᠢ ᠶᠢᠨ ᠢᠲᠡᠭᠡᠯ ᠪᠢᠰᠢᠷᠡᠯ ᠢᠶᠠᠨ ᠪᠠᠲᠤᠳᠬᠠᠨ᠎ᠠ - ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠤᠨ ᠰᠢᠷᠢᠰ ᠠᠵᠢᠯᠯᠠᠭ᠎ᠠ
ᠨᠡᠶᠢᠲᠡᠯᠡᠭᠰᠡᠨ ᠴᠠᠭ᠄
2024/12/5
    ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠨᠠᠮ ᠤᠨ ᠬᠤᠷᠢᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠺᠠᠳ᠋ᠷ ᠤᠨ ᠦᠨᠳᠦᠰᠦᠨ ᠬᠠᠤᠯᠢ ᠶᠢᠨ ᠢᠲᠡᠭᠡᠯ ᠪᠢᠰᠢᠷᠡᠯ ᠢ ᠪᠠᠲᠤᠳᠬᠠᠵᠤ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠣᠨ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ 12 ᠰᠠᠷ᠎ᠠ ᠶᠢᠨ 4 ᠤ ᠡᠳᠦᠷ᠂ ᠷᠡᠰᠢᠶᠠᠨ ᠬᠤᠳᠡ ᠶᠢᠨ ᠲᠢᠶᠠᠨ ᡂᠢ ᠪᠠᠯᠭᠠᠰᠤ ᠦᠨᠳᠦᠰᠦᠨ ᠬᠠᠤᠯᠢ ᠶᠢᠨ ᠰᠤᠷᠤᠯᠴᠠᠯᠭ᠎ᠠ ᠶᠢ ᠵᠣᠬᠢᠶᠠᠨ ᠪᠠᠶᠢᠭᠤᠯᠪᠡ᠃    ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠹᠢᠯᠢᠮ ᠢ ᠨᠢᠭᠡ ᠤᠳᠠᠭ᠎ᠠ ᠲᠥᠪᠯᠡᠷᠡᠭᠦᠯᠦᠨ ᠦᠵᠡᠬᠦᠯᠪᠡ᠃ ᠪᠠᠯᠭᠠᠰᠤᠨ ᠤ ᠺᠠᠳ᠋ᠷᠴᠤᠳ ᠢ ᠵᠣᠬᠢᠶᠠᠨ ᠪᠠᠶᠢᠭᠤᠯᠤᠨ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠤᠨ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠹᠢᠯᠢᠮ ᠢ ᠲᠥᠪᠯᠡᠷᠡᠭᠦᠯᠦᠨ ᠦᠵᠡᠭᠦᠯᠵᠦ᠂ ᠺᠠᠳ᠋ᠷᠴᠤᠳ ᠢ ᠦᠨᠳᠦᠰᠦᠨ ᠬᠠᠤᠯᠢ ᠪᠣᠯ ᠤᠯᠤᠰ ᠤᠨ ᠦᠨᠳᠦᠰᠦ ᠮᠥᠨ᠂ ᠤᠯᠤᠰ ᠢ ᠵᠠᠰᠠᠵᠤ ᠲᠥᠷᠥ ᠶᠢ ᠲᠦᠪᠰᠢᠳᠬᠡᠬᠦ ᠶᠡᠷᠦᠩᠬᠡᠶ ᠲᠦᠷᠢᠮ᠂ ᠨᠠᠮ ᠪᠠ ᠠᠷᠠᠳ ᠲᠦᠮᠡᠨ ᠤ ᠬᠦᠰᠡᠯ ᠵᠣᠷᠢᠯᠲᠠ ᠶᠢᠨ ᠲᠥᠪᠯᠡᠷᠡᠩᠭᠦᠶ ᠢᠯᠡᠷᠡᠯ ᠮᠥᠨ ᠭᠡᠳᠡᠭ ᠢ ᠨᠠᠩ ᠭᠦᠨ ᠳᠠᠪᠬᠤᠷᠭ᠎ᠠ ᠶᠢᠨ ᠣᠶᠢᠯᠠᠭᠠᠯᠲᠠ ᠲᠠᠢ ᠪᠣᠯᠭᠠᠵᠤ᠂ ᠺᠠᠳ᠋ᠷᠴᠤᠳ ᠢ ᠤᠬᠠᠮᠰᠠᠷ ᠠᠴᠠ ᠪᠠᠨ ᠦᠨᠳᠦᠰᠦᠨ ᠬᠠᠤᠯᠢ ᠶᠢ ᠳᠡᠭᠡᠳᠦᠯᠡᠬᠦ ᠤᠬᠠᠮᠰᠠᠷ ᠢ ᠪᠣᠶ ᠪᠣᠯᠭᠠᠭᠰᠠᠨ ᠪᠠᠶᠢᠨ᠎ᠠ᠃    ᠦᠨᠳᠦᠰᠦᠨ ᠬᠠᠤᠯᠢ ᠶᠢᠨ ᠤᠨᠤᠯ ᠤᠨ ᠰᠤᠷᠤᠯᠴᠠᠯᠭ᠎ᠠ ᠬᠢᠪᠡ᠃ ᠪᠠᠯᠭᠠᠰᠤᠨ ᠤ ᠺᠠᠳ᠋ᠷᠴᠤᠳ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠨ ᠬᠠᠤᠯᠢ ᠶᠢᠨ ᠲᠤᠬᠠᠶ ᠴᠢᠬᠤᠯᠠ ᠥᠭᠦᠯᠡᠯᠲᠡ ᠶᠢ ᠳᠠᠭᠠᠭᠤᠯᠤᠨ ᠰᠤᠷᠤᠯᠴᠠᠵᠤ᠂ ᠣᠨᠣᠯ ᠤᠨ ᠰᠤᠷᠤᠯᠴᠠᠯᠭ᠎ᠠ ᠪᠠᠷ ᠳᠠᠮᠵᠢᠭᠤᠯᠤᠨ ᠺᠠᠳ᠋ᠷᠴᠤᠳ ᠤᠨ ᠬᠠᠤᠯᠢ ᠶᠢ ᠵᠢᠷᠤᠮᠯᠠᠨ ᠬᠠᠤᠯᠢ ᠶᠢ ᠰᠤᠷᠴᠤ ᠬᠠᠤᠯᠢ ᠶᠢ ᠰᠠᠬᠢᠨ ᠬᠠᠤᠯᠢ ᠶᠢ ᠬᠡᠷᠡᠭᠯᠡᠬᠦ ᠦᠵᠡᠯ ᠰᠠᠨᠠᠭᠠᠨ ᠤ ᠤᠬᠠᠮᠰᠠᠷ ᠢ ᠦᠨᠡᠨ ᠬᠦ ᠴᠢᠩᠭᠠᠳᠬᠠᠵᠤ᠂ ᠬᠠᠤᠯᠢ ᠴᠠᠭᠠᠵᠠ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠂ ᠨᠠᠮ ᠪᠠ ᠤᠯᠤᠰ ᠤᠨ ᠡᠯ᠎ᠡ ᠵᠦᠢᠯ ᠤᠨ ᠠᠵᠢᠯ ᠦᠢᠯᠡᠰ ᠤᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠴᠢᠩᠭᠠᠳᠬᠠᠵᠤ᠂ ᠺᠠᠳ᠋ᠷᠴᠤᠳ ᠢ ᠬᠥᠲᠥᠯᠥᠨ ᠵᠢᠯᠣᠭᠤᠳᠴᠤ ᠬᠤᠶᠢᠰᠢᠳᠠ ᠶᠢᠨ ᠠᠮᠢᠳᠤᠷᠠᠯ ᠪᠠ ᠠᠵᠢᠯ ᠤᠨ ᠳᠤᠮᠳᠠ ᠤᠬᠠᠮᠰᠠᠷ ᠠᠴᠠ ᠪᠠᠨ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ᠂ ᠬᠠᠤᠯᠢ ᠶᠣᠰᠣᠭᠠᠷ ᠠᠵᠢᠯ ᠶᠠᠪᠤᠳᠠᠯ ᠭᠦᠢᠴᠡᠳᠬᠡᠵᠦ ᠵᠠᠰᠠᠭ ᠶᠠᠪᠤᠭᠤᠯᠬᠤ ᠳᠤ ᠰᠠᠭᠤᠷᠢ ᠲᠠᠯᠪᠢᠵᠡᠢ᠃    ᠳᠠᠷᠠᠭᠠᠴᠢ ᠶᠢᠨ ᠠᠯᠬᠤᠮ ᠳᠤ᠂ ᠲᠢᠶᠠᠨ ᡂᠢ ᠪᠠᠯᠭᠠᠰᠤ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ ︾ ᠤᠨ ᠰᠢᠷᠢᠰ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠪᠦᠬᠦ ᠪᠠᠯᠭᠠᠰᠤᠨ ᠤ ᠬᠠᠤᠯᠢ ᠪᠠᠷ ᠵᠠᠰᠠᠬᠤ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠪᠦᠬᠦ ᠪᠠᠯᠭᠠᠰᠤᠨ ᠤ ᠬᠡᠪᠴᠢᠶᠡᠨ ᠳᠤ ᠬᠠᠤᠯᠢ ᠶᠢ ᠰᠤᠷᠤᠯᠴᠠᠬᠤ ᠬᠠᠤᠯᠢ ᠶᠢ ᠬᠦᠨᠳᠦᠳᠬᠡᠬᠦ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃
 
ᠢᠷᠡᠯᠲᠡ᠄ ᠳᠤᠮᠳᠠᠳᠤ ᠤᠯᠤᠰ ᠤᠨ ᠤᠮᠠᠷᠠᠲᠤ ᠬᠢᠯᠢ ᠶᠢᠨ ᠲᠠᠲᠠᠬᠤ ᠬᠦᠴᠦᠨ ᠲᠠᠢ ᠲᠢᠶᠠᠨ ᡂᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号