2024 ᠣᠨ ᠤ 12 ᠰᠠᠷ᠎ᠠ ᠶᠢᠨ 4 ᠤ ᠡᠳᠦᠷ ᠪᠣᠯ ᠮᠠᠨ ᠤ ᠤᠯᠤᠰ ᠤᠨ ᠠᠷᠪᠠᠨ ᠨᠢᠭᠡᠳᠡᠬᠢ ᠦᠨᠳᠦᠰᠦᠨ | ᠬᠠᠤᠯᠢ ᠶᠢᠨ ᠡᠳᠦᠷ ᠮᠥᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠠᠤᠯᠢ ᠴᠠᠭᠠᠵᠠ ᠶᠢᠨ ᠤᠬᠠᠮᠰᠠᠷ ᠢ | ᠴᠢᠩᠭᠠᠳᠬᠠᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠷᠡᠰᠢᠶᠠᠨ ᠬᠤᠳᠡ ᠶᠢᠨ ᠲᠢᠶᠠᠨ ᡂᠢ ᠨᠡᠶᠢᠭᠡᠮ | ᠲᠣᠭᠤᠷᠢᠭ ︽12.4︾ ᠤᠯᠤᠰ ᠤᠨ ᠦᠨᠳᠦᠰᠦᠨ ᠬᠠᠤᠯᠢ ᠶᠢᠨ ᠡᠳᠦᠷ ᠤᠨ ᠬᠠᠤᠯᠢ ᠴᠠᠭᠠᠵᠠ ᠶᠢᠨ ᠮᠡᠳᠡᠯᠭᠡ ᠶᠢᠨ | ᠤᠬᠠᠭᠤᠯᠭ᠎ᠠ ᠥᠷᠨᠢᠭᠦᠯᠪᠡ᠃ | ᠠᠵᠢᠯᠯᠠᠭᠠᠨ ᠤ ᠳᠤᠮᠳᠠ ᠠᠵᠢᠯᠲᠠᠳ ︽ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ︾ ᠲᠣᠭᠤᠷᠢᠨ ᠳᠤ | ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠪᠠᠰᠠ ᠲᠦᠬᠦᠮ ᠣᠶᠢᠯᠠᠭᠠᠮᠵᠢᠲᠠᠢ ᠦᠭᠡ ᠬᠡᠯᠡ ᠪᠠᠷ ᠤᠯᠠᠨ | ᠲᠦᠮᠡᠨ ᠳᠤ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠤᠬᠠᠭᠤᠯᠤᠨ ᠪᠠᠳᠠᠷᠠᠭᠤᠯᠵᠤ᠂ ᠥᠷᠭᠡᠨ ᠤᠯᠠᠨ | ᠰᠠᠭᠤᠭᠠᠯᠢ ᠠᠷᠠᠳ ᠤᠨ ᠬᠠᠤᠯᠢ ᠶᠢ ᠬᠦᠨᠳᠦᠳᠬᠡᠬᠦ᠂ ᠬᠠᠤᠯᠢ ᠶᠢ ᠰᠤᠷᠤᠯᠴᠠᠬᠤ᠂ ᠬᠠᠤᠯᠢ ᠶᠢ ᠰᠠᠬᠢᠬᠤ᠂ ᠬᠠᠤᠯᠢ ᠶᠢ | ᠬᠡᠷᠡᠭᠯᠡᠬᠦ ᠤᠬᠠᠮᠰᠠᠷ ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠬᠠᠤᠯᠢ ᠴᠠᠭᠠᠵᠠ ᠪᠣᠯᠤᠨ ᠮᠠᠨ ᠤ ᠬᠥᠮᠦᠨ | ᠨᠢᠭᠡᠪᠦᠷᠢ ᠶᠢᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠭᠡᠳᠡᠭ ᠢ ᠦᠨᠡᠨ ᠬᠦ ᠰᠡᠷᠡᠵᠦ ᠮᠡᠳᠡᠬᠦᠯᠵᠡᠢ᠃ ᠡᠭᠦᠨ ᠤ | ᠬᠠᠮᠲᠤ ᠤᠬᠠᠭᠤᠯᠭ᠎ᠠ ᠶᠢᠨ ᠠᠴᠢᠶᠠᠯᠠᠪᠤᠷᠢ ᠶᠢ ᠥᠷᠭᠡᠳᠬᠡᠵᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠨ᠂ | ᠰᠠᠭᠤᠭᠠᠯᠢ ᠠᠷᠠᠳ ᠤᠨ ᠠᠰᠠᠭᠤᠳᠠᠯ ᠢ ᠨᠢᠭᠤᠷᠳᠠᠨ ᠬᠠᠷᠢᠭᠤᠯᠬᠤ ᠵᠡᠷᠭᠡ ᠤᠯᠠᠨ ᠵᠦᠢᠯ ᠤᠨ ᠬᠡᠯᠪᠡᠷᠢ ᠪᠠᠷ | ᠳᠠᠮᠵᠢᠭᠤᠯᠤᠨ᠂ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠲᠠᠲᠠᠬᠤ ᠬᠦᠴᠦᠨ ᠪᠠ ᠨᠥᠯᠥᠭᠡᠯᠡᠬᠦ ᠬᠦᠴᠦᠨ ᠢ | ᠴᠢᠩᠭᠠᠷᠠᠭᠤᠯᠵᠤ᠂ ᠦᠨᠳᠦᠰᠦᠨ ᠬᠠᠤᠯᠢ ᠶᠢ ᠤᠯᠠᠨ ᠲᠦᠮᠡᠨ ᠤ ᠳᠡᠷᠭᠡᠳᠡ ᠬᠦᠷᠴᠦ᠂ ᠤᠯᠠᠨ ᠲᠦᠮᠡᠨ ᠤ | ᠰᠡᠳᠬᠢᠯ ᠳᠤ ᠰᠠᠭᠤᠬᠳᠡᠭᠤᠯᠬᠤ ᠶᠢ ᠠᠬᠢᠭᠤᠯᠪᠠ᠃ | ᠲᠣᠰ ᠤᠳᠠᠭᠠᠨ ᠤ ᠤᠬᠠᠭᠤᠯᠭ᠎ᠠ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠦᠨᠳᠦᠰᠦᠨ | ᠬᠠᠤᠯᠢ ᠶᠢᠨ ᠮᠡᠳᠡᠯᠭᠡ ᠶᠢ ᠪᠠᠶᠠᠯᠢᠭᠵᠢᠭᠤᠯᠵᠤ᠂ ᠰᠠᠭᠤᠭᠠᠯᠢ ᠠᠷᠠᠳ ᠤᠨ ᠦᠨᠳᠦᠰᠦᠨ ᠬᠠᠤᠯᠢ ᠶᠢᠨ ᠤᠬᠠᠮᠰᠠᠷ ᠢ | ᠴᠢᠩᠭᠠᠷᠠᠭᠤᠯᠤᠭᠰᠠᠨ ᠢᠶᠠᠷ ᠪᠠᠷᠠᠬᠤ ᠥᠬᠡᠶ᠂ ᠪᠠᠰᠠ ᠰᠠᠭᠤᠭᠠᠯᠢ ᠠᠷᠠᠳ ᠤᠨ ᠬᠠᠤᠯᠢ ᠴᠠᠭᠠᠵᠠ ᠶᠢᠨ ᠵᠡᠪᠰᠡᠭ ᠢᠶᠠᠷ | ᠲᠣᠰ ᠪᠡᠶ᠎ᠡ ᠶᠢᠨ ᠡᠷᠬᠡ ᠠᠰᠢᠭ ᠢᠶᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ︽ᠪᠣᠯᠪᠠᠰᠤᠨ ᠦᠢᠯᠡᠳᠦᠯᠭᠡ︾ | ᠶᠢᠨ ᠠᠷᠭ᠎ᠠ ᠮᠠᠶ᠋ᠢᠭ ᠢᠶᠠᠷ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠨᠡᠶᠢᠭᠡᠮ ᠲᠣᠭᠤᠷᠢᠭ ᠲᠤ ᠣᠷᠣᠭᠤᠯᠵᠤ᠂ | ᠠᠷᠠᠳ ᠣᠯᠠᠨ ᠤ ᠡᠳᠦᠷ ᠲᠤᠲᠤᠮ ᠤᠨ ᠠᠮᠢᠳᠤᠷᠠᠯ ᠳᠤ ᠬᠦᠷᠭᠡᠪᠡ᠃ ᠳᠠᠷᠠᠭᠠᠴᠢ ᠶᠢᠨ ᠠᠯᠬᠤᠮ ᠳᠤ᠂ ᠲᠢᠶᠠᠨ ᡂᠢ | ᠨᠡᠶᠢᠭᠡᠮ ᠲᠣᠭᠤᠷᠢᠭ ᠦᠷᠭᠦᠯᠵᠢᠯᠡᠨ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠢᠶᠠᠷ ᠠᠵᠠ | ᠲᠣᠬᠢᠶᠠᠯ ᠪᠣᠯᠭᠠᠵᠤ᠂ ᠦᠨᠳᠦᠰᠦᠨ ᠬᠠᠤᠯᠢ ᠬᠠᠤᠯᠢ ᠴᠠᠭᠠᠵᠠ ᠶᠢᠨ ᠤᠬᠠᠭᠤᠯᠭ᠎ᠠ ᠶᠢᠨ ᠠᠵᠢᠯ ᠢ ᠪᠣᠳᠠᠲᠠᠶᠢᠵᠢᠭᠤᠯᠵᠤ᠂ | ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠬᠤ᠂ ᠠᠮᠤᠷ ᠠᠮᠤᠭᠤᠯᠠᠩ ᠬᠠᠤᠯᠢᠵᠢᠯ ᠤᠨ ᠲᠢᠶᠠᠨ ᡂᠢ | ᠶᠢ ᠪᠦᠳᠣᠭᠡᠨ ᠪᠠᠶᠢᠭᠤᠯᠬᠤ ᠳᠤ ᠬᠤᠪᠢ ᠨᠡᠮᠡᠷᠢ ᠪᠠᠨ ᠦᠵᠡᠭᠦᠯᠤᠨ᠎ᠠ᠃ |