ᠬᠡᠷ ᠪᠠᠶᠢᠰᠢᠩ ᠤᠨ ᠠᠮᠤᠷ ᠲᠦᠪᠰᠢᠨ ᠤ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠵᠦ᠂ ᠰᠠᠭᠤᠭᠠᠯᠢ | ᠠᠷᠠᠳ ᠤᠨ ᠣᠷᠣᠨ ᠰᠠᠭᠤᠴᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ 11 ᠰᠠᠷ᠎ᠠ ᠶᠢᠨ 1 ᠤ | ᠡᠳᠦᠷ ᠠᠴᠠ ᠨᠠᠰᠢ᠂ ᠷᠡᠰᠢᠶᠠᠨ ᠬᠤᠳᠡ ᠶᠢᠨ ᠲᠢᠶᠠᠨ ᡂᠢ ᠪᠠᠯᠭᠠᠰᠤ ᠳᠡᠳ᠋ ᠳᠠᠷᠤᠭ᠎ᠠ ᠫᠧᠩ ᠴᠠᠩ ᠴᠢᠩ ᠠᠵᠢᠯᠲᠠᠳ ᠢᠶᠠᠨ | ᠵᠣᠬᠢᠶᠠᠨ ᠪᠠᠶᠢᠭᠤᠯᠵᠣ ᠲᠢᠶᠠᠨ ᡂᠢ᠂ ᠬᠢᠩᠭᠠᠨ᠂ ᠶᠢᠨ ᠵᠢᠶᠠᠩ ᠭᠸᠤ᠂ ᠰᠢᠨ ᠵᠠᠨ᠂ ᠠᠨ ᠴᠢᠤᠸᠠᠨ ᠵᠡᠷᠭᠡ ᠭᠠᠵᠠᠷ ᠢᠶᠠᠷ | ᠭᠦᠨᠵᠡᠭᠡᠶᠢᠷᠡᠨ ᠬᠡᠷ ᠪᠠᠶᠢᠰᠢᠩ ᠤᠨ ᠠᠮᠤᠷ ᠲᠦᠪᠰᠢᠨ ᠤ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃ ᠬᠠᠬᠢᠷ | ᠬᠦᠢᠲᠡᠨ ᠡᠳᠦᠷ ᠲᠤ᠂ ᠶᠡᠭᠡ ᠴᠠᠰᠤ ᠨᠢ ᠨᠡᠶᠢᠳᠡᠮ ᠪᠠᠶᠢᠴᠠᠭᠠᠯᠲᠠ ᠶᠢᠨ ᠠᠵᠢᠯ ᠳᠤ ᠲᠦᠢᠯ ᠤᠨ ᠶᠡᠭᠡ ᠥᠷᠢᠰᠥᠯᠳᠦᠭᠡᠨ | ᠠᠪᠴᠢᠷᠠᠭᠰᠠᠨ ᠪᠠᠶᠢᠯ᠎ᠠ᠃ ᠭᠡᠲᠡᠯ᠎ᠡ ᠠᠵᠢᠯᠲᠠᠳ ᠦᠴᠣᠭᠡᠨ ᠬᠤᠶᠢᠰᠢᠷᠡᠵᠣ ᠤᠬᠤᠷᠢᠬᠤ ᠪᠣᠳᠣᠯ ᠣᠷᠣᠬᠰᠠᠨ ᠦᠭᠡᠢ᠂ ᠲᠡᠳᠡ | ᠴᠠᠰᠤ ᠵᠤᠳ ᠢ ᠬᠠᠶᠢᠬᠤᠷᠤᠯ ᠦᠭᠡᠢ ᠪᠠᠷ ᠡᠷᠦᠬᠡ ᠪᠦᠷᠢ ᠶᠢ ᠨᠠᠷᠢᠨ ᠨᠢᠭᠲᠠ ᠪᠠᠶᠢᠴᠠᠭᠠᠪᠠ᠃ | ᠣᠳᠣᠬᠠᠨ ᠳᠤ ᠨᠡᠶᠢᠳᠡᠮ ᠪᠠᠶᠢᠴᠠᠭᠠᠯᠲᠠ ᠶᠢᠨ ᠠᠵᠢᠯ ᠢ ᠨᠢᠭᠡᠨᠲᠡ ᠭᠤᠷᠪᠠᠳᠤᠭᠠᠷ ᠡᠭᠡᠯᠵᠢ ᠶᠢᠨ ᠱᠠᠲᠣᠨ ᠳᠤ ᠣᠷᠣᠯ᠎ᠠ᠂ | ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠣᠯᠤᠨ | ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠤᠷᠢᠭᠰᠠᠨ | ᠭᠤᠷᠪᠠᠳᠠᠬᠢ ᠡᠲᠡᠭᠡᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢ ᠶᠢᠨ ᠬᠢᠨᠠᠨ ᠬᠡᠮᠵᠢᠯᠲᠡ ᠶᠢᠨ ᠲᠥᠪ ᠲᠠᠢ | ᠬᠠᠮᠲᠤᠷᠠᠨ ᠲᠢᠶᠠᠨ ᡂᠢ᠂ ᠶᠢᠨ ᠵᠢᠶᠠᠩ ᠭᠧᠤ ᠵᠡᠷᠭᠡ C ᠲᠥᠷᠥᠯ ᠤᠨ ᠣᠷᠣᠨ ᠰᠠᠭᠤᠴᠠ ᠳᠤ ᠠᠮᠤᠷ ᠲᠦᠪᠰᠢᠨ ᠤ ᠭᠡᠷ | ᠪᠠᠶᠢᠰᠢᠩ ᠤᠨ ᠬᠢᠨᠠᠨ ᠲᠣᠭᠲᠠᠭᠠᠯᠲᠠ ᠬᠢᠪᠡ᠃ ᠨᠡᠶᠢᠲᠡ 87 ᠡᠷᠦᠬᠡ ᠶᠢ ᠵᠢᠭᠰᠠᠭᠠᠨ ᠪᠠᠶᠢᠴᠠᠭᠠᠵᠤ᠂ 8 ᠡᠷᠦᠬᠡ ᠶᠢᠨ C | ᠲᠥᠷᠥᠯ ᠤᠨ ᠣᠷᠣᠨ ᠰᠠᠭᠤᠴᠠ ᠶᠢ ᠢᠯᠡᠷᠡᠭᠦᠯᠪᠡ᠃ ᠣᠳᠣᠬᠠᠨ ᠳᠤ ᠶᠠᠭ ᠡᠪᠦᠯ ᠤᠨ ᠤᠯᠠᠷᠢᠯ ᠳᠤ ᠪᠠᠷᠢᠯᠭ᠎ᠠ ᠪᠠᠷᠢᠬᠤ | ᠠᠵᠢᠯᠯᠠᠭ᠎ᠠ ᠥᠷᠨᠢᠭᠦᠯᠬᠦ ᠳᠤ ᠠᠰᠢᠭ ᠥᠬᠡᠶ ᠪᠣᠯᠬᠤᠷ᠂ 2025 ᠣᠨ ᠤ ᠬᠠᠪᠣᠷ ᠵᠣᠨ ᠤ ᠤᠯᠠᠷᠢᠯ ᠳᠤ ᠬᠡᠷ ᠪᠠᠶᠢᠰᠢᠩ ᠢ | ᠰᠡᠯᠪᠢᠨ ᠵᠠᠰᠠᠬᠤ ᠠᠵᠢᠯ ᠢ ᠬᠢᠬᠦ ᠪᠠᠷ ᠲᠥᠯᠥᠪᠯᠡᠵᠦ ᠪᠣᠶ᠃ | ᠬᠡᠷ ᠪᠦᠯᠢ ᠶᠢᠨ ᠰᠡᠯᠪᠢᠨ ᠵᠠᠰᠠᠬᠤ ᠬᠤᠭᠤᠴᠠᠭᠠᠨ ᠳᠤ ᠠᠷᠡᠳ ᠤᠨ ᠠᠵᠢᠯ ᠠᠮᠢᠳᠤᠷᠠᠯ ᠢ ᠨᠥᠯᠥᠭᠡᠯᠡᠬᠦ ᠥᠬᠡᠶ | ᠪᠠᠶᠢᠬᠤ ᠶᠢ ᠪᠠᠲᠤᠯᠠᠬᠤ ᠶᠢᠨ ᠲᠥᠯᠥᠭᠡ᠂ ᠲᠢᠶᠠᠨ ᡂᠢ ᠪᠠᠯᠭᠠᠰᠣ ᠠᠴᠠ ᠶᠡᠷᠦᠩᠬᠡᠢ ᠬᠠᠤᠯᠢ ᠬᠡᠷᠡᠭᠵᠢᠭᠦᠯᠬᠦ ᠶᠡᠭᠡ ᠠᠩᠭᠢ ᠶᠢ | ᠵᠣᠬᠢᠴᠠᠭᠤᠯᠵᠤ ᠠᠮᠤᠷ ᠲᠦᠪᠰᠢᠨ ᠨᠠᠶᠢᠳᠠᠪᠤᠷᠢᠲᠠᠶ ᠲᠦᠷ ᠴᠠᠭ ᠤᠨ ᠣᠷᠣᠨ ᠰᠠᠭᠤᠴᠠ ᠶᠢᠨ ᠴᠡᠭ ᠢ 7 ᠰᠣᠩᠭᠤᠨ ᠭᠠᠷᠭᠠᠵᠤ | ᠰᠠᠭᠤᠭᠠᠯᠢ ᠠᠷᠠᠳ ᠲᠤ ᠬᠡᠷᠡᠭᠯᠡᠭᠦᠯᠬᠦ ᠶᠢᠨ ᠬᠠᠮᠲᠤ ᠲᠡᠳᠡᠨ ᠢ ᠢᠳᠡᠪᠬᠢᠲᠡᠶ ᠬᠠᠪᠰᠤᠷᠤᠨ ᠣᠯᠠᠨ ᠨᠡᠶᠢᠲᠡ ᠶᠢᠨ ᠲᠦᠷᠢᠶᠡᠰᠦᠨ | ᠣᠷᠣᠨ ᠰᠠᠭᠤᠴᠠ ᠭᠤᠶᠤᠴᠢᠯᠠᠵᠤ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠠᠮᠤᠷ ᠲᠦᠪᠰᠢᠨ ᠢ ᠪᠥᠬᠦ | ᠬᠦᠴᠦᠨ ᠢᠶᠠᠷ ᠢᠶᠠᠨ ᠪᠠᠲᠤᠯᠠᠬᠰᠠᠨ ᠪᠠᠶᠢᠨ᠎ᠠ᠃ |