ᠤᠷᠤᠨ ᠰᠠᠭᠤᠴᠠ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ ᠤᠯᠠᠨ ᠲᠦᠮᠡᠨ ᠤ ᠤᠷᠤᠨ ᠰᠠᠭᠤᠴᠠ ᠶᠢᠨ ᠠᠮᠤᠷ ᠲᠦᠪᠰᠢᠨ ᠢ ᠪᠠᠲᠤᠯᠠᠨ᠎ᠠ
ᠨᠡᠶᠢᠲᠡᠯᠡᠭᠰᠡᠨ ᠴᠠᠭ᠄
2024/12/6
    ᠬᠡᠷ ᠪᠠᠶᠢᠰᠢᠩ ᠤᠨ ᠠᠮᠤᠷ ᠲᠦᠪᠰᠢᠨ ᠤ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠵᠦ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ 11 ᠰᠠᠷ᠎ᠠ ᠶᠢᠨ 1 ᠤ ᠡᠳᠦᠷ ᠠᠴᠠ ᠨᠠᠰᠢ᠂ ᠷᠡᠰᠢᠶᠠᠨ ᠬᠤᠳᠡ ᠶᠢᠨ ᠲᠢᠶᠠᠨ ᡂᠢ ᠪᠠᠯᠭᠠᠰᠤ ᠳᠡᠳ᠋ ᠳᠠᠷᠤᠭ᠎ᠠ ᠫᠧᠩ ᠴᠠᠩ ᠴᠢᠩ ᠠᠵᠢᠯᠲᠠᠳ ᠢᠶᠠᠨ ᠵᠣᠬᠢᠶᠠᠨ ᠪᠠᠶᠢᠭᠤᠯᠵᠣ ᠲᠢᠶᠠᠨ ᡂᠢ᠂ ᠬᠢᠩᠭᠠᠨ᠂ ᠶᠢᠨ ᠵᠢᠶᠠᠩ ᠭᠸᠤ᠂  ᠰᠢᠨ ᠵᠠᠨ᠂ ᠠᠨ ᠴᠢᠤᠸᠠᠨ ᠵᠡᠷᠭᠡ ᠭᠠᠵᠠᠷ ᠢᠶᠠᠷ ᠭᠦᠨᠵᠡᠭᠡᠶᠢᠷᠡᠨ ᠬᠡᠷ ᠪᠠᠶᠢᠰᠢᠩ ᠤᠨ ᠠᠮᠤᠷ ᠲᠦᠪᠰᠢᠨ ᠤ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃ ᠬᠠᠬᠢᠷ ᠬᠦᠢᠲᠡᠨ ᠡᠳᠦᠷ ᠲᠤ᠂ ᠶᠡᠭᠡ ᠴᠠᠰᠤ ᠨᠢ ᠨᠡᠶᠢᠳᠡᠮ ᠪᠠᠶᠢᠴᠠᠭᠠᠯᠲᠠ ᠶᠢᠨ ᠠᠵᠢᠯ ᠳᠤ ᠲᠦᠢᠯ ᠤᠨ ᠶᠡᠭᠡ ᠥᠷᠢᠰᠥᠯᠳᠦᠭᠡᠨ ᠠᠪᠴᠢᠷᠠᠭᠰᠠᠨ ᠪᠠᠶᠢᠯ᠎ᠠ᠃ ᠭᠡᠲᠡᠯ᠎ᠡ ᠠᠵᠢᠯᠲᠠᠳ ᠦᠴᠣᠭᠡᠨ ᠬᠤᠶᠢᠰᠢᠷᠡᠵᠣ ᠤᠬᠤᠷᠢᠬᠤ ᠪᠣᠳᠣᠯ ᠣᠷᠣᠬᠰᠠᠨ ᠦᠭᠡᠢ᠂ ᠲᠡᠳᠡ ᠴᠠᠰᠤ ᠵᠤᠳ ᠢ ᠬᠠᠶᠢᠬᠤᠷᠤᠯ ᠦᠭᠡᠢ ᠪᠠᠷ ᠡᠷᠦᠬᠡ ᠪᠦᠷᠢ ᠶᠢ ᠨᠠᠷᠢᠨ ᠨᠢᠭᠲᠠ ᠪᠠᠶᠢᠴᠠᠭᠠᠪᠠ᠃ ᠣᠳᠣᠬᠠᠨ ᠳᠤ ᠨᠡᠶᠢᠳᠡᠮ ᠪᠠᠶᠢᠴᠠᠭᠠᠯᠲᠠ ᠶᠢᠨ ᠠᠵᠢᠯ ᠢ ᠨᠢᠭᠡᠨᠲᠡ ᠭᠤᠷᠪᠠᠳᠤᠭᠠᠷ ᠡᠭᠡᠯᠵᠢ ᠶᠢᠨ ᠱᠠᠲᠣᠨ ᠳᠤ ᠣᠷᠣᠯ᠎ᠠ ᠂ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠣᠯᠤᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠤᠷᠢᠭᠰᠠᠨ ᠭᠤᠷᠪᠠᠳᠠᠬᠢ ᠡᠲᠡᠭᠡᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢ ᠶᠢᠨ ᠬᠢᠨᠠᠨ ᠬᠡᠮᠵᠢᠯᠲᠡ ᠶᠢᠨ ᠲᠥᠪ ᠲᠠᠢ ᠬᠠᠮᠲᠤᠷᠠᠨ ᠲᠢᠶᠠᠨ ᡂᠢ᠂ ᠶᠢᠨ ᠵᠢᠶᠠᠩ ᠭᠧᠤ ᠵᠡᠷᠭᠡ C ᠲᠥᠷᠥᠯ ᠤᠨ ᠣᠷᠣᠨ ᠰᠠᠭᠤᠴᠠ ᠳᠤ ᠠᠮᠤᠷ ᠲᠦᠪᠰᠢᠨ ᠤ ᠭᠡᠷ ᠪᠠᠶᠢᠰᠢᠩ ᠤᠨ ᠬᠢᠨᠠᠨ ᠲᠣᠭᠲᠠᠭᠠᠯᠲᠠ ᠬᠢᠪᠡ᠃ ᠨᠡᠶᠢᠲᠡ 87 ᠡᠷᠦᠬᠡ ᠶᠢ ᠵᠢᠭᠰᠠᠭᠠᠨ ᠪᠠᠶᠢᠴᠠᠭᠠᠵᠤ᠂ 8 ᠡᠷᠦᠬᠡ ᠶᠢᠨ C ᠲᠥᠷᠥᠯ ᠤᠨ ᠣᠷᠣᠨ ᠰᠠᠭᠤᠴᠠ ᠶᠢ ᠢᠯᠡᠷᠡᠭᠦᠯᠪᠡ᠃ ᠣᠳᠣᠬᠠᠨ ᠳᠤ ᠶᠠᠭ ᠡᠪᠦᠯ ᠤᠨ ᠤᠯᠠᠷᠢᠯ ᠳᠤ ᠪᠠᠷᠢᠯᠭ᠎ᠠ ᠪᠠᠷᠢᠬᠤ ᠠᠵᠢᠯᠯᠠᠭ᠎ᠠ ᠥᠷᠨᠢᠭᠦᠯᠬᠦ ᠳᠤ ᠠᠰᠢᠭ ᠥᠬᠡᠶ ᠪᠣᠯᠬᠤᠷ᠂ 2025 ᠣᠨ ᠤ ᠬᠠᠪᠣᠷ ᠵᠣᠨ ᠤ ᠤᠯᠠᠷᠢᠯ ᠳᠤ ᠬᠡᠷ ᠪᠠᠶᠢᠰᠢᠩ ᠢ ᠰᠡᠯᠪᠢᠨ ᠵᠠᠰᠠᠬᠤ ᠠᠵᠢᠯ ᠢ ᠬᠢᠬᠦ ᠪᠠᠷ ᠲᠥᠯᠥᠪᠯᠡᠵᠦ ᠪᠣᠶ᠃ ᠬᠡᠷ ᠪᠦᠯᠢ ᠶᠢᠨ ᠰᠡᠯᠪᠢᠨ ᠵᠠᠰᠠᠬᠤ ᠬᠤᠭᠤᠴᠠᠭᠠᠨ ᠳᠤ ᠠᠷᠡᠳ ᠤᠨ ᠠᠵᠢᠯ ᠠᠮᠢᠳᠤᠷᠠᠯ ᠢ ᠨᠥᠯᠥᠭᠡᠯᠡᠬᠦ ᠥᠬᠡᠶ ᠪᠠᠶᠢᠬᠤ ᠶᠢ ᠪᠠᠲᠤᠯᠠᠬᠤ ᠶᠢᠨ ᠲᠥᠯᠥᠭᠡ᠂ ᠲᠢᠶᠠᠨ ᡂᠢ ᠪᠠᠯᠭᠠᠰᠣ ᠠᠴᠠ ᠶᠡᠷᠦᠩᠬᠡᠢ ᠬᠠᠤᠯᠢ ᠬᠡᠷᠡᠭᠵᠢᠭᠦᠯᠬᠦ ᠶᠡᠭᠡ ᠠᠩᠭᠢ ᠶᠢ ᠵᠣᠬᠢᠴᠠᠭᠤᠯᠵᠤ ᠠᠮᠤᠷ ᠲᠦᠪᠰᠢᠨ ᠨᠠᠶᠢᠳᠠᠪᠤᠷᠢᠲᠠᠶ ᠲᠦᠷ ᠴᠠᠭ ᠤᠨ ᠣᠷᠣᠨ ᠰᠠᠭᠤᠴᠠ ᠶᠢᠨ ᠴᠡᠭ ᠢ 7 ᠰᠣᠩᠭᠤᠨ ᠭᠠᠷᠭᠠᠵᠤ ᠰᠠᠭᠤᠭᠠᠯᠢ ᠠᠷᠠᠳ ᠲᠤ ᠬᠡᠷᠡᠭᠯᠡᠭᠦᠯᠬᠦ ᠶᠢᠨ ᠬᠠᠮᠲᠤ ᠲᠡᠳᠡᠨ ᠢ ᠢᠳᠡᠪᠬᠢᠲᠡᠶ ᠬᠠᠪᠰᠤᠷᠤᠨ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠭᠤᠶᠤᠴᠢᠯᠠᠵᠤ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠰᠠᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠤᠮᠠᠷᠠᠲᠤ ᠬᠢᠯᠢ ᠶᠢᠨ ᠲᠠᠲᠠᠬᠤ ᠬᠦᠴᠦᠨ ᠲᠠᠢ ᠲᠢᠶᠠᠨ ᡂᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号