ᠴᠠᠭᠠᠨ ᠰᠠᠷ᠎ᠠ ᠶᠢᠨ ᠲᠣᠬᠤᠨᠢᠭᠤᠯᠭ᠎ᠠ ᠪᠠᠷ ᠬᠥᠮᠥᠰ ᠤᠨ ᠰᠡᠳᠬᠢᠯ ᠢ ᠳᠤᠯᠠᠭᠠᠴᠠᠭᠤᠯᠦᠨ᠎ᠡ
ᠨᠡᠶᠢᠲᠡᠯᠡᠭᠰᠡᠨ ᠴᠠᠭ᠄
2024/2/1
     ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠬᠠᠷᠢᠶ᠎ᠠ ᠲᠣᠭᠤᠷᠢᠭ ᠤᠨ ᠬᠦᠴᠢᠷᠳᠡᠯᠲᠡᠢ ᠤᠯᠠᠨ ᠲᠦᠮᠡᠨ ᠳᠤ ᠨᠠᠮ ᠪᠣᠯᠣᠨ ᠵᠠᠰᠠᠭ ᠤᠨ ᠣᠷᠳᠣᠨ ᠤ ᠬᠠᠯᠠᠮᠵᠢᠯᠠᠯ ᠢ ᠦᠨᠡᠨ ᠬᠦ ᠬᠦᠷᠲᠡᠭᠡᠵᠦ᠂ ᠬᠠᠯᠠᠭᠤᠨ ᠳᠤᠯᠠᠭᠠᠨ ᠥᠯᠵᠡᠢ ᠪᠡᠯᠭᠡ ᠲᠠᠢ ᠴᠠᠭᠠᠨ ᠰᠠᠷ᠎ᠠ ᠶᠢ ᠥᠩᠭᠡᠷᠡᠭᠦᠯᠬᠦ ᠶᠢᠨ ᠲᠥᠯᠥᠭᠡ᠂ 1 ᠰᠠᠷ᠎ᠠ ᠶᠢᠨ 30 ᠤ ᠦᠳᠡ ᠶᠢᠨ ᠬᠤᠶᠢᠨ᠎ᠠ᠂ ᠷᠠᠰᠢᠶᠠᠨ ᠳᠠᠬᠢ ᠲᠠᠷᠢᠶᠠᠯᠠᠩ ᠬᠤᠳᠠᠯᠳᠤᠭᠠᠨ ᠤ ᠪᠠᠩᠬᠢ᠂ ᠢᠷᠪᠢᠰ ᠵᠡᠭᠡᠯᠢ ᠶᠢᠨ ᠨᠥᠮᠥᠷᠭᠡᠨ ᠨᠡᠶᠢᠭᠡᠮ ᠲᠣᠭᠤᠷᠢᠭ ᠢᠶᠠᠷ ᠭᠦᠨᠵᠡᠭᠡᠶᠢᠷᠡᠨ ᠬᠦᠴᠢᠷᠳᠡᠯᠲᠡᠢ ᠤᠯᠠᠨ ᠲᠦᠮᠡᠨ ᠢ ᠲᠣᠬᠤᠨᠢᠭᠤᠯᠵᠠᠢ᠃      ᠨᠡᠶᠢᠭᠡᠮ ᠲᠣᠭᠤᠷᠢᠭ ᠤᠨ ᠠᠵᠢᠯᠲᠠᠨ ᠤ ᠳᠠᠭᠠᠭᠤᠯᠭ᠎ᠠ ᠳᠣᠣᠷ᠎ᠠ᠂ ᠷᠠᠰᠢᠶᠠᠨ ᠳᠠᠬᠢ ᠲᠠᠷᠢᠶᠠᠯᠠᠩ ᠬᠤᠳᠠᠯᠳᠤᠭᠠᠨ ᠤ ᠪᠠᠩᠬᠢ ᠶᠢᠨ ᠠᠵᠢᠯᠲᠠᠳ ᠤᠷᠢᠳ ᠬᠤᠵᠢᠳ ᠬᠠᠷᠢᠶ᠎ᠠ ᠣᠷᠣᠨ ᠤ ᠪᠠᠨ 2 ᠡᠷᠦᠬᠡ ᠶᠠᠳᠠᠭᠤ ᠬᠦᠴᠢᠷᠳᠡᠯᠲᠡᠢ ᠣᠯᠠᠨ ᠲᠦᠮᠡᠨ ᠤ ᠭᠡᠷ ᠲᠤ ᠬᠦᠷᠴᠦ᠂ ᠲᠡᠳᠡᠨ ᠳᠤ ᠠᠮᠤ ᠪᠤᠳᠠᠭ᠎ᠠ᠂ ᠭᠤᠯᠢᠷ᠂ ᠲᠣᠰᠣ ᠵᠡᠷᠭᠡ ᠲᠣᠬᠤᠨᠢᠭᠤᠯᠬᠤ ᠪᠣᠳᠠᠰ ᠵᠢᠴᠢ ᠲᠣᠬᠤᠨᠢᠭᠤᠯᠬᠤ ᠮᠥᠩᠭᠦ ᠬᠦᠷᠭᠡᠬᠦ ᠶᠢᠨ ᠬᠠᠮᠲᠤ ᠲᠡᠳᠡᠨ ᠲᠠᠢ ᠰᠡᠳᠬᠢᠯ ᠲᠠᠯᠪᠢᠨ ᠶᠠᠷᠢᠯᠴᠠᠵᠤ᠂ ᠲᠡᠳᠡᠨ ᠤ ᠠᠮᠢᠳᠤᠷᠠᠯ ᠤᠨ ᠪᠠᠶᠢᠳᠠᠯ ᠵᠢᠴᠢ ᠪᠡᠶ᠎ᠡ ᠮᠠᠬᠠᠪᠤᠳ ᠤᠨ ᠪᠠᠶᠢᠳᠠᠯ ᠢ ᠨᠠᠷᠢᠨ ᠨᠢᠭᠲᠠ ᠠᠰᠠᠭᠤᠨ ᠯᠠᠪᠯᠠᠵᠤ᠂ ᠲᠡᠳᠡᠨ ᠢ ᠪᠠᠶᠠᠰᠤᠩᠭᠤᠢ ᠰᠡᠳᠬᠢᠯᠭᠡ ᠪᠠᠷ ᠠᠮᠢᠳᠤᠷᠠᠯ ᠳᠤ ᠢᠳᠡᠪᠬᠢᠲᠡᠢ ᠬᠠᠨᠳᠤᠬᠤ ᠶᠢ ᠵᠣᠷᠢᠭᠵᠢᠭᠤᠯᠵᠤ᠂ ᠬᠦᠴᠢᠷᠳᠡᠯ ᠲᠠᠢ ᠪᠣᠯ ᠴᠠᠭ ᠲᠤᠬᠠᠢ ᠳᠤᠨᠢ ᠷᠠᠰᠢᠶᠠᠨ ᠳᠠᠬᠢ ᠲᠠᠷᠢᠶᠠᠯᠠᠩ ᠬᠤᠳᠠᠯᠳᠤᠭᠠᠨ ᠤ ᠪᠠᠩᠬᠢ ᠪᠣᠯᠣᠨ ᠨᠡᠶᠢᠭᠡᠮ ᠲᠣᠭᠤᠷᠢᠭ ᠲᠠᠢ ᠬᠠᠷᠢᠯᠴᠠᠭᠠᠷᠠᠢ᠂ ᠲᠡᠳᠡᠨ ᠤ ᠠᠰᠠᠭᠤᠳᠠᠯ ᠢ ᠪᠦᠬᠦ ᠬᠦᠴᠦᠨ ᠢᠶᠠᠷ ᠢᠶᠠᠨ ᠬᠠᠪᠰᠤᠷᠤᠨ ᠰᠢᠢᠳᠪᠦᠷᠢᠯᠡᠵᠦ ᠥᠭᠭᠦᠨ᠎ᠡ ᠭᠡᠵᠡᠢ᠃      ᠲᠣᠰ ᠤᠳᠠᠭᠠᠨ ᠤ ᠲᠣᠬᠤᠨᠢᠭᠤᠯᠬᠤ ᠠᠵᠢᠯᠯᠠᠭ᠎ᠠ ᠨᠢ ᠬᠠᠷᠢᠶ᠎ᠠ ᠣᠷᠣᠨ ᠤ ᠬᠦᠴᠢᠷᠳᠡᠯᠲᠡᠢ ᠣᠯᠠᠨ ᠲᠦᠮᠡᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠲᠡᠭᠡᠵᠦ᠂ ᠬᠦᠴᠢᠷᠳᠡᠯᠲᠡᠢ ᠣᠯᠠᠨ ᠲᠦᠮᠡᠨ ᠤ ᠵᠣᠯ ᠵᠢᠷᠭᠠᠯᠳᠤ ᠲᠦᠷᠦᠭᠳᠡᠯ ᠪᠠ ᠬᠠᠷᠢᠶᠠᠯᠠᠭᠳᠠᠬᠤ ᠰᠡᠳᠬᠢᠯᠭᠡ ᠶᠢ ᠦᠨᠡᠨ ᠬᠦ ᠳᠡᠭᠡᠭᠰᠢᠯᠡᠭᠦᠯᠦᠭᠰᠡᠨ ᠪᠠᠶᠢᠨ᠎ᠠ᠃ ᠵᠠᠯᠭᠠᠭᠠᠳ ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ᠰᠠᠭᠤᠭᠠᠯᠢ ᠠᠷᠠᠳ ᠤᠨ ᠬᠠᠮᠤᠭ ᠠᠴᠠ ᠠᠩᠬᠠᠷᠴᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠦᠮᠡᠨ ᠤ ᠲᠥᠯᠥᠭᠡ ᠪᠣᠳᠠᠲᠠᠢ ᠶᠠᠪᠤᠳᠠᠯ ᠬᠢᠵᠦ᠂ ᠰᠠᠭᠤᠭᠠᠯᠢ ᠠᠷᠠᠳ ᠤᠯᠠᠨ ᠤ ᠲᠤᠯᠭᠠᠮ᠎ᠠ ᠬᠦᠴᠢᠷ ᠲᠠᠢ ᠠᠰᠠᠭᠤᠳᠠᠯ ᠢ ᠦᠨᠡᠨ ᠬᠦ ᠰᠢᠢᠳᠪᠦᠷᠢᠯᠡᠨ᠂ ᠰᠠᠭᠤᠭᠠᠯᠢ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ ᠪᠣᠯᠣᠨ ᠵᠣᠯ ᠵᠢᠷᠭᠠᠯᠳᠤ ᠲᠥᠷᠥᠭᠳᠡᠯ ᠢ ᠲᠠᠰᠤᠷᠠᠯᠳᠡ ᠦᠭᠡᠢ ᠨᠡᠮᠡᠭᠳᠡᠭᠦᠯᠦᠨ᠎ᠡ᠃
 
ᠢᠷᠡᠯᠲᠡ᠄ ᠢᠷᠪᠢᠰ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号