ᠢᠳᠡᠬᠡᠨ ᠤᠮᠳᠡᠭᠠᠨ ᠡᠮ ᠤᠨ ᠵᠦᠢᠯᠡᠰ ᠤᠨ ᠠᠮᠦᠷ ᠲᠦᠪᠰᠢᠨ ᠤ ᠬᠢᠨᠠᠯᠳᠠ ᠬᠠᠮᠢᠶᠠᠷᠦᠯᠳᠠ ᠶᠢ ᠤᠯᠠᠮ ᠨᠢᠬᠡ ᠠᠯᠬᠤᠮ | ᠴᠢᠩᠭᠠᠳᠬᠠᠵᠦ᠂ ᠵᠠᠬ᠎ᠠ ᠲᠡᠯᠬᠡᠬᠦᠷ ᠤᠨ ᠡᠵᠡᠩᠨᠡᠯᠳᠡ ᠶᠢᠨ ᠡᠮᠬᠢ ᠲᠢᠭᠯᠢᠮ ᠢ ᠬᠠᠮᠠᠭᠠᠯᠠᠬᠤ ᠶᠢᠨ ᠲᠦᠯᠦᠬᠡ᠂ ᠤᠶᠢᠷ᠎ᠠ ᠳᠤ | ᠷᠠᠰᠢᠶᠠᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠤᠷᠴᠢᠨ ᠲᠤᠭᠤᠷᠢᠨ ᠢᠳᠡᠬᠡᠨ ᠡᠮ ᠤᠨ ᠵᠦᠢᠯᠡᠰ ᠤᠨ | ᠶᠠᠯᠠᠳᠤ ᠠᠵᠢᠯᠯᠠᠭ᠎ᠠ ᠶᠢ ᠲᠠᠩᠨᠠᠨ ᠪᠠᠶᠢᠴᠠᠭᠠᠬᠤ ᠶᠡᠭᠡ ᠠᠩᠬᠢ᠂ ᠵᠠᠬ᠎ᠠ ᠲᠡᠯᠭᠡᠬᠦᠷ ᠤᠨ ᠬᠢᠨᠠᠯᠳᠠ ᠬᠠᠮᠢᠶᠠᠷᠦᠯᠳᠠ ᠶᠢᠨ | ᠲᠤᠪᠴᠢᠶ᠎ᠠ ᠲᠠᠢ ᠬᠠᠮᠳᠤᠷᠠᠨ ᠬᠠᠭᠤᠷᠮᠠᠭ ᠪᠠᠷᠠᠭ᠎ᠠ ᠦᠢᠯᠡᠳᠴᠦ ᠬᠤᠳᠠᠯᠳᠤᠬᠤ᠂ ᠪᠠᠷᠠᠭᠠᠨ ᠤ ᠦᠨ᠎ᠡ ᠪᠠᠨ ᠲᠤᠷᠠᠪᠡᠷ ᠦᠰᠬᠡᠬᠦ | ᠵᠡᠷᠭᠡ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠳᠤ ᠪᠠᠶᠢᠴᠠᠭᠠᠯᠳᠠ ᠬᠢᠵᠦ᠂ ᠬᠠᠤᠯᠢ ᠠᠴᠠ ᠵᠦᠷᠢᠴᠡᠭᠰᠡᠨ ᠬᠠᠮᠢᠶ᠎ᠠ | ᠪᠦᠬᠦᠢ ᠶᠠᠯᠠᠳᠤ ᠠᠵᠢᠯᠯᠠᠭ᠎ᠠ ᠳᠤ ᠬᠠᠤᠯᠢ ᠶᠤᠰᠤᠭᠠᠷ ᠴᠢᠩᠭ᠎ᠠ ᠴᠤᠬᠢᠯᠳᠠ ᠦᠭᠬᠦᠭᠰᠡᠨ ᠪᠠᠶᠢᠨ᠎ᠠ᠃ | ᠪᠠᠶᠢᠴᠠᠭᠠᠯᠳᠠ ᠶᠢᠨ ᠲᠤᠭᠤᠶᠢᠯᠠᠩ ᠨᠢ ᠬᠠᠷᠢᠶᠠᠳᠤ ᠤᠷᠤᠨ ᠤ ᠪᠠᠨ ᠲᠤᠮᠤ ᠬᠡᠯᠪᠡᠷᠢ ᠶᠢᠨ ᠴᠢᠯᠦᠬᠡᠳᠦ ᠲᠡᠯᠬᠡᠬᠦᠷ᠂ | ᠡᠮ ᠤᠨ ᠲᠡᠯᠬᠡᠬᠦᠷ ᠢᠶᠠᠷ ᠬᠦᠷᠴᠦ᠂ ᠢᠳᠡᠬᠡᠨ ᠤᠮᠳᠡᠭᠠᠨ ᠡᠮ ᠤᠨ ᠵᠦᠢᠯᠡᠰ ᠵᠡᠷᠭᠡ ᠳᠤ ᠭᠤᠤᠯᠳᠠᠯᠭ᠎ᠠ ᠲᠠᠢ ᠪᠦᠭᠡᠳ ᠪᠦᠬᠦ | ᠲᠠᠯ᠎ᠠ ᠶᠢᠨ ᠪᠠᠶᠢᠴᠠᠭᠠᠯᠳᠠ ᠬᠢᠵᠡᠢ᠃ ᠠᠷᠠᠳ ᠤᠯᠠᠨ ᠤ ᠬᠡᠷᠡᠭᠯᠡᠬᠡᠨ ᠤ ᠬᠡᠮᠵᠢᠶ᠎ᠡ ᠪᠠᠷ ᠶᠡᠭᠡ ᠪᠤᠯᠬᠤ ᠮᠢᠬᠠᠨ ᠤ ᠲᠥᠷᠥᠯ ᠤᠨ | ᠢᠳᠡᠬᠡᠨ᠂ ᠠᠷᠢᠬᠢ ᠤᠮᠳᠠᠭᠠᠨ ᠵᠡᠷᠭᠡ ᠳᠤ ᠴᠢᠭᠯᠡᠬᠦᠯᠦᠨ᠂ ᠪᠠᠷᠠᠭᠠᠨ ᠤ ᠢᠷᠡᠯᠳᠡ᠂ ᠭᠠᠳᠠᠷ ᠪᠤᠭᠤᠳᠠᠯ ᠪᠠᠭᠯᠠᠭ᠎ᠠ᠂ | ᠦᠢᠯᠡᠳᠪᠦᠷᠢᠯᠡᠭᠰᠡᠨ ᠡᠳᠦᠷ ᠬᠤᠭᠤᠴᠠᠭ᠎ᠠ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠪᠠᠶᠢᠴᠠᠭᠠᠯᠳᠠ ᠬᠢᠵᠦ᠂ ᠡᠯ᠎ᠡ | ᠡᠵᠡᠩᠨᠡᠭᠴᠢᠳ ᠤᠨ ᠬᠠᠷᠢᠭᠤᠴᠠᠯᠭ᠎ᠠ ᠶᠢᠨ ᠤᠬᠠᠮᠰᠠᠷ ᠪᠤᠯᠤᠨ ᠠᠮᠦᠷ ᠲᠦᠪᠰᠢᠨ ᠤ ᠤᠬᠠᠮᠰᠠᠷ ᠢᠶᠠᠨ ᠴᠢᠩᠭᠠᠳᠬᠠᠬᠤ ᠶᠢ | ᠱᠠᠯᠠᠪᠳᠠᠭᠤᠯᠵᠦ᠂ ᠢᠳᠡᠬᠡᠨ ᠤᠮᠳᠡᠭᠠᠨ ᠤ ᠠᠮᠦᠷ ᠲᠦᠪᠰᠢᠨ ᠤ ᠭᠤᠤᠯ ᠴᠤᠬᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ | ᠨᠠᠶᠢᠳᠠᠪᠦᠷᠢᠵᠢᠭᠤᠯᠵᠦ᠂ ᠡᠷᠡᠬᠦᠯ ᠮᠡᠨᠳᠤ ᠶᠢᠨ ᠪᠤᠭᠤᠮᠳᠠ᠂ ᠪᠠᠷᠠᠭ᠎ᠠ ᠤᠷᠤᠭᠤᠯᠬᠤ ᠪᠤᠭᠤᠮᠳᠠ᠂ ᠬᠠᠳᠠᠭᠠᠯᠠᠬᠤ ᠪᠤᠭᠤᠮᠳᠠ | ᠵᠡᠷᠭᠡ ᠭᠤᠬᠴᠤᠭ᠎ᠠ ᠳᠤ ᠠᠯᠳᠠᠭ᠎ᠠ ᠪᠤᠷᠤᠭᠤ ᠭᠠᠷᠭᠠᠬᠤ ᠦᠬᠡᠢ ᠪᠠᠶᠢᠬᠤ ᠶᠢ ᠴᠢᠩᠭ᠎ᠠ ᠠᠳᠬᠤᠵᠦ᠂ ᠪᠦᠬᠦ ᠬᠤᠳᠠ ᠶᠢᠨ | ᠠᠷᠠᠳ ᠲᠦᠮᠡᠨ᠂ ᠷᠠᠰᠢᠶᠠᠨ ᠬᠤᠳᠠᠨ ᠳᠤ ᠵᠢᠭᠤᠯᠴᠢᠯᠠᠬᠤ ᠪᠠᠷ ᠢᠷᠡᠭᠰᠡᠨ ᠬᠦᠮᠦᠰ ᠲᠤ ᠠᠮᠦᠷ ᠲᠦᠪᠰᠢᠨ᠂ ᠰᠠᠨᠠᠭ᠎ᠠ ᠠᠮᠦᠷ | ᠬᠡᠷᠡᠭᠯᠡᠬᠡᠨ ᠤ ᠤᠷᠴᠢᠨ ᠲᠤᠭᠤᠷᠢᠨ ᠢ ᠪᠤᠢ ᠪᠤᠯᠭᠠᠵᠤ ᠦᠭᠪᠡ᠃ | ᠲᠠᠷᠠᠭᠠᠴᠢ ᠶᠢᠨ ᠠᠯᠬᠤᠮ ᠳᠤ᠂ ᠷᠠᠰᠢᠶᠠᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠤᠷᠴᠢᠨ | ᠲᠤᠭᠤᠷᠢᠨ ᠢᠳᠡᠬᠡᠨ ᠡᠮ ᠤᠨ ᠵᠦᠢᠯᠡᠰ ᠤᠨ ᠶᠠᠯᠠᠳᠤ ᠠᠵᠢᠯᠯᠠᠭ᠎ᠠ ᠶᠢ ᠲᠠᠩᠨᠠᠨ ᠪᠠᠶᠢᠴᠠᠭᠠᠬᠤ ᠶᠡᠭᠡ ᠠᠩᠬᠢ ᠢᠳᠡᠬᠡᠨ | ᠤᠮᠳᠡᠭᠠᠨ ᠡᠮ ᠤᠨ ᠵᠦᠢᠯᠡᠰ ᠤᠨ ᠬᠦᠷᠢᠶᠡᠨ ᠳᠠᠬᠢ ᠬᠠᠤᠯᠢ ᠶᠢ ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠤᠬᠢᠯᠳᠠ ᠦᠭᠬᠦ | ᠬᠦᠴᠦᠯᠡᠴᠡ ᠪᠠᠨ ᠤᠯᠠᠮ ᠨᠢᠬᠡ ᠠᠯᠬᠤᠮ ᠴᠢᠩᠭᠠᠳᠬᠠᠵᠥ᠂ ᠪᠦᠬᠦ ᠬᠤᠳᠠ ᠶᠢᠨ ᠠᠷᠠᠳ ᠲᠦᠮᠡᠨ ᠤ ᠠᠮᠦᠷ ᠲᠦᠪᠰᠢᠨ ᠳᠤ | ᠨᠡᠩ ᠰᠠᠶᠢᠨ ᠪᠠᠳᠦᠯᠠᠭ᠎ᠠ ᠬᠠᠨᠭ᠍ᠭᠠᠬᠤ ᠪᠤᠯᠤᠨ᠎ᠠ᠃ | | | ↓ ᠵᠢᠷᠤᠭ ᠪᠤᠯ᠂ ᠪᠠᠶᠢᠴᠠᠭᠠᠯᠳᠠ ᠬᠢᠵᠦ ᠪᠤᠢ᠃ ︵ᠬᠠᠨ᠎ᠠ︶ | |