ᠷᠠᠰᠢᠶᠠᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠠᠮᠦᠷ ᠲᠦᠪᠰᠢᠨ ᠤ ᠪᠠᠶᠢᠴᠠᠭᠠᠯᠳᠠ ᠬᠢᠵᠡᠢ
ᠨᠡᠶᠢᠲᠡᠯᠡᠭᠰᠡᠨ ᠴᠠᠭ᠄
2024/2/27
     ᠢᠳᠡᠬᠡᠨ ᠤᠮᠳᠡᠭᠠᠨ ᠡᠮ ᠤᠨ ᠵᠦᠢᠯᠡᠰ ᠤᠨ ᠠᠮᠦᠷ ᠲᠦᠪᠰᠢᠨ ᠤ ᠬᠢᠨᠠᠯᠳᠠ ᠬᠠᠮᠢᠶᠠᠷᠦᠯᠳᠠ ᠶᠢ ᠤᠯᠠᠮ ᠨᠢᠬᠡ ᠠᠯᠬᠤᠮ ᠴᠢᠩᠭᠠᠳᠬᠠᠵᠦ᠂ ᠵᠠᠬ᠎ᠠ ᠲᠡᠯᠬᠡᠬᠦᠷ ᠤᠨ ᠡᠵᠡᠩᠨᠡᠯᠳᠡ ᠶᠢᠨ ᠡᠮᠬᠢ ᠲᠢᠭᠯᠢᠮ ᠢ ᠬᠠᠮᠠᠭᠠᠯᠠᠬᠤ ᠶᠢᠨ ᠲᠦᠯᠦᠬᠡ᠂ ᠤᠶᠢᠷ᠎ᠠ ᠳᠤ ᠷᠠᠰᠢᠶᠠᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠤᠷᠴᠢᠨ ᠲᠤᠭᠤᠷᠢᠨ ᠢᠳᠡᠬᠡᠨ ᠡᠮ ᠤᠨ ᠵᠦᠢᠯᠡᠰ ᠤᠨ ᠶᠠᠯᠠᠳᠤ ᠠᠵᠢᠯᠯᠠᠭ᠎ᠠ ᠶᠢ ᠲᠠᠩᠨᠠᠨ ᠪᠠᠶᠢᠴᠠᠭᠠᠬᠤ ᠶᠡᠭᠡ ᠠᠩᠬᠢ᠂ ᠵᠠᠬ᠎ᠠ ᠲᠡᠯᠭᠡᠬᠦᠷ ᠤᠨ ᠬᠢᠨᠠᠯᠳᠠ ᠬᠠᠮᠢᠶᠠᠷᠦᠯᠳᠠ ᠶᠢᠨ ᠲᠤᠪᠴᠢᠶ᠎ᠠ ᠲᠠᠢ ᠬᠠᠮᠳᠤᠷᠠᠨ ᠬᠠᠭᠤᠷᠮᠠᠭ ᠪᠠᠷᠠᠭ᠎ᠠ ᠦᠢᠯᠡᠳᠴᠦ ᠬᠤᠳᠠᠯᠳᠤᠬᠤ᠂ ᠪᠠᠷᠠᠭᠠᠨ ᠤ ᠦᠨ᠎ᠡ ᠪᠠᠨ ᠲᠤᠷᠠᠪᠡᠷ ᠦᠰᠬᠡᠬᠦ ᠵᠡᠷᠭᠡ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠳᠤ ᠪᠠᠶᠢᠴᠠᠭᠠᠯᠳᠠ ᠬᠢᠵᠦ᠂ ᠬᠠᠤᠯᠢ ᠠᠴᠠ ᠵᠦᠷᠢᠴᠡᠭᠰᠡᠨ ᠬᠠᠮᠢᠶ᠎ᠠ ᠪᠦᠬᠦᠢ ᠶᠠᠯᠠᠳᠤ ᠠᠵᠢᠯᠯᠠᠭ᠎ᠠ ᠳᠤ ᠬᠠᠤᠯᠢ ᠶᠤᠰᠤᠭᠠᠷ ᠴᠢᠩᠭ᠎ᠠ ᠴᠤᠬᠢᠯᠳᠠ ᠦᠭᠬᠦᠭᠰᠡᠨ ᠪᠠᠶᠢᠨ᠎ᠠ᠃      ᠪᠠᠶᠢᠴᠠᠭᠠᠯᠳᠠ ᠶᠢᠨ ᠲᠤᠭᠤᠶᠢᠯᠠᠩ ᠨᠢ ᠬᠠᠷᠢᠶᠠᠳᠤ ᠤᠷᠤᠨ ᠤ ᠪᠠᠨ ᠲᠤᠮᠤ ᠬᠡᠯᠪᠡᠷᠢ ᠶᠢᠨ ᠴᠢᠯᠦᠬᠡᠳᠦ ᠲᠡᠯᠬᠡᠬᠦᠷ ᠂ ᠡᠮ ᠤᠨ ᠲᠡᠯᠬᠡᠬᠦᠷ ᠢᠶᠠᠷ ᠬᠦᠷᠴᠦ᠂ ᠢᠳᠡᠬᠡᠨ ᠤᠮᠳᠡᠭᠠᠨ ᠡᠮ ᠤᠨ ᠵᠦᠢᠯᠡᠰ ᠵᠡᠷᠭᠡ ᠳᠤ ᠭᠤᠤᠯᠳᠠᠯᠭ᠎ᠠ ᠲᠠᠢ ᠪᠦᠭᠡᠳ ᠪᠦᠬᠦ ᠲᠠᠯ᠎ᠠ ᠶᠢᠨ ᠪᠠᠶᠢᠴᠠᠭᠠᠯᠳᠠ ᠬᠢᠵᠡᠢ᠃ ᠠᠷᠠᠳ ᠤᠯᠠᠨ ᠤ ᠬᠡᠷᠡᠭᠯᠡᠬᠡᠨ ᠤ ᠬᠡᠮᠵᠢᠶ᠎ᠡ ᠪᠠᠷ ᠶᠡᠭᠡ ᠪᠤᠯᠬᠤ ᠮᠢᠬᠠᠨ ᠤ ᠲᠥᠷᠥᠯ ᠤᠨ ᠢᠳᠡᠬᠡᠨ᠂ ᠠᠷᠢᠬᠢ ᠤᠮᠳᠠᠭᠠᠨ ᠵᠡᠷᠭᠡ ᠳᠤ ᠴᠢᠭᠯᠡᠬᠦᠯᠦᠨ᠂ ᠪᠠᠷᠠᠭᠠᠨ ᠤ ᠢᠷᠡᠯᠳᠡ᠂ ᠭᠠᠳᠠᠷ ᠪᠤᠭᠤᠳᠠᠯ ᠪᠠᠭᠯᠠᠭ᠎ᠠ᠂ ᠦᠢᠯᠡᠳᠪᠦᠷᠢᠯᠡᠭᠰᠡᠨ ᠡᠳᠦᠷ ᠬᠤᠭᠤᠴᠠᠭ᠎ᠠ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠪᠠᠶᠢᠴᠠᠭᠠᠯᠳᠠ ᠬᠢᠵᠦ᠂ ᠡᠯ᠎ᠡ ᠡᠵᠡᠩᠨᠡᠭᠴᠢᠳ ᠤᠨ ᠬᠠᠷᠢᠭᠤᠴᠠᠯᠭ᠎ᠠ ᠶᠢᠨ ᠤᠬᠠᠮᠰᠠᠷ ᠪᠤᠯᠤᠨ ᠠᠮᠦᠷ ᠲᠦᠪᠰᠢᠨ ᠤ ᠤᠬᠠᠮᠰᠠᠷ ᠢᠶᠠᠨ ᠴᠢᠩᠭᠠᠳᠬᠠᠬᠤ ᠶᠢ ᠱᠠᠯᠠᠪᠳᠠᠭᠤᠯᠵᠦ᠂ ᠢᠳᠡᠬᠡᠨ ᠤᠮᠳᠡᠭᠠᠨ ᠤ ᠠᠮᠦᠷ ᠲᠦᠪᠰᠢᠨ ᠤ ᠭᠤᠤᠯ ᠴᠤᠬᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠦ᠂ ᠡᠷᠡᠬᠦᠯ ᠮᠡᠨᠳᠤ ᠶᠢᠨ ᠪᠤᠭᠤᠮᠳᠠ᠂ ᠪᠠᠷᠠᠭ᠎ᠠ ᠤᠷᠤᠭᠤᠯᠬᠤ ᠪᠤᠭᠤᠮᠳᠠ᠂ ᠬᠠᠳᠠᠭᠠᠯᠠᠬᠤ ᠪᠤᠭᠤᠮᠳᠠ ᠵᠡᠷᠭᠡ ᠭᠤᠬᠴᠤᠭ᠎ᠠ ᠳᠤ ᠠᠯᠳᠠᠭ᠎ᠠ ᠪᠤᠷᠤᠭᠤ ᠭᠠᠷᠭᠠᠬᠤ ᠦᠬᠡᠢ ᠪᠠᠶᠢᠬᠤ ᠶᠢ ᠴᠢᠩᠭ᠎ᠠ ᠠᠳᠬᠤᠵᠦ᠂ ᠪᠦᠬᠦ ᠬᠤᠳᠠ ᠶᠢᠨ ᠠᠷᠠᠳ ᠲᠦᠮᠡᠨ᠂ ᠷᠠᠰᠢᠶᠠᠨ ᠬᠤᠳᠠᠨ ᠳᠤ ᠵᠢᠭᠤᠯᠴᠢᠯᠠᠬᠤ ᠪᠠᠷ ᠢᠷᠡᠭᠰᠡᠨ ᠬᠦᠮᠦᠰ ᠲᠤ ᠠᠮᠦᠷ ᠲᠦᠪᠰᠢᠨ᠂ ᠰᠠᠨᠠᠭ᠎ᠠ ᠠᠮᠦᠷ ᠬᠡᠷᠡᠭᠯᠡᠬᠡᠨ ᠤ ᠤᠷᠴᠢᠨ ᠲᠤᠭᠤᠷᠢᠨ ᠢ ᠪᠤᠢ ᠪᠤᠯᠭᠠᠵᠤ ᠦᠭᠪᠡ᠃      ᠲᠠᠷᠠᠭᠠᠴᠢ ᠶᠢᠨ ᠠᠯᠬᠤᠮ ᠳᠤ᠂ ᠷᠠᠰᠢᠶᠠᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠤᠷᠴᠢᠨ ᠲᠤᠭᠤᠷᠢᠨ ᠢᠳᠡᠬᠡᠨ ᠡᠮ ᠤᠨ ᠵᠦᠢᠯᠡᠰ ᠤᠨ ᠶᠠᠯᠠᠳᠤ ᠠᠵᠢᠯᠯᠠᠭ᠎ᠠ ᠶᠢ ᠲᠠᠩᠨᠠᠨ ᠪᠠᠶᠢᠴᠠᠭᠠᠬᠤ ᠶᠡᠭᠡ ᠠᠩᠬᠢ ᠢᠳᠡᠬᠡᠨ ᠤᠮᠳᠡᠭᠠᠨ ᠡᠮ ᠤᠨ ᠵᠦᠢᠯᠡᠰ ᠤᠨ ᠬᠦᠷᠢᠶᠡᠨ ᠳᠠᠬᠢ ᠬᠠᠤᠯᠢ ᠶᠢ ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠤᠬᠢᠯᠳᠠ ᠦᠭᠬᠦ ᠬᠦᠴᠦᠯᠡᠴᠡ ᠪᠠᠨ ᠤᠯᠠᠮ ᠨᠢᠬᠡ ᠠᠯᠬᠤᠮ ᠴᠢᠩᠭᠠᠳᠬᠠᠵᠥ᠂ ᠪᠦᠬᠦ ᠬᠤᠳᠠ ᠶᠢᠨ ᠠᠷᠠᠳ ᠲᠦᠮᠡᠨ ᠤ ᠠᠮᠦᠷ ᠲᠦᠪᠰᠢᠨ ᠳᠤ ᠨᠡᠩ ᠰᠠᠶᠢᠨ ᠪᠠᠳᠦᠯᠠᠭ᠎ᠠ ᠬᠠᠨᠭ᠍ᠭᠠᠬᠤ ᠪᠤᠯᠤᠨ᠎ᠠ᠃
<< < 1 2 > >>  
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号