ᠲᠢᠶᠠᠨ ᡂᠢ ᠪᠠᠯᠭᠠᠰᠤ ᠠᠶᠤᠯᠭᠦᠢ ᠦᠢᠯᠡᠳᠪᠦᠷᠢᠯᠡᠯ ᠵᠢᠴᠢ ᠭᠠᠯ ᠰᠡᠷᠭᠡᠶᠢᠯᠡᠬᠦ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/4
    ᠷᠠᠰᠢᠶᠠᠨ ᠬᠤᠳᠠ ᠶᠢᠨ ᠲᠢᠶᠠᠨ ᡂᠢ ᠪᠠᠯᠭᠠᠰᠤ ᠭᠠᠯ ᠤᠨᠲᠠᠷᠠᠭᠠᠬᠤ ᠠᠮᠤᠷ ᠲᠦᠪᠰᠢᠨ ᠤ ︽ᠬᠤᠶᠠᠷ ᠢ ᠲᠥᠪᠯᠡᠷᠡᠭᠦᠯᠬᠦ︾ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠭᠠᠳᠠᠭᠠᠳᠤ ᠶᠠᠪᠤᠳᠠᠯ ᠤᠨ ᠠᠯᠪᠠᠨ ᠭᠡᠷ᠂ ᠬᠤᠲᠠ ᠶᠢᠨ ᠭᠠᠯ ᠤᠨᠲᠠᠷᠠᠭᠠᠬᠤ ᠶᠡᠭᠡ ᠠᠩᠭᠢ ᠲᠠᠢ ᠬᠠᠮᠲᠤᠷᠠᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠪᠠ ᠭᠠᠯ ᠤᠨ ᠠᠶᠤᠯ ᠢ ᠰᠡᠷᠭᠡᠶᠢᠯᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠪᠡ᠃     ᠤᠬᠠᠭᠤᠯᠭ᠎ᠠ ᠶᠢᠨ ᠠᠵᠢᠯᠲᠠᠳ ᠬᠠᠷᠢᠶ᠎ᠠ ᠣᠷᠣᠨ ᠤ ᠬᠥᠮᠥᠨ ᠬᠠᠷ᠎ᠠ ᠬᠤᠷᠠᠨ ᠴᠤᠭᠯᠠᠷᠠᠬᠤ ᠭᠠᠵᠠᠷ ᠲᠤ ᠭᠠᠯ ᠰᠡᠷᠭᠡᠶᠢᠯᠡᠬᠦ ᠤᠬᠠᠭᠤᠯᠭ᠎ᠠ ᠶᠢᠨ ᠬᠠᠭᠤᠳᠠᠰᠤ ᠪᠠ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠬᠠᠷᠢᠶ᠎ᠠ ᠣᠷᠣᠨ ᠤ ᠣᠯᠠᠨ ᠲᠦᠮᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠬᠢᠷᠢ ᠬᠡᠮᠵᠢᠶ᠎ᠡ ᠪᠠ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ ︔ ᠡᠯ᠎ᠡ ᠲᠣᠰᠬᠤᠨ ︵ᠨᠡᠶᠢᠭᠡᠮ ᠲᠣᠭᠤᠷᠢᠭ︶ ᠤᠨ ᠲᠤᠤᠷᠵᠢᠯᠳᠡ ᠶᠢᠨ ᠪᠦᠯᠦᠭᠯᠡᠯ᠂ ᠤᠯᠠᠨ ᠨᠡᠶᠢᠳᠡ ᠶᠢᠨ ᠳ᠋ᠤᠭᠠᠷ ᠵᠡᠷᠭᠡ ᠲᠠᠪᠴᠠᠩ ᠢ ᠭᠦᠢᠴᠡᠳ ᠠᠰᠢᠭᠯᠠᠨ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠮᠡᠳᠡᠯᠭᠡ ᠶᠢᠨ ᠤᠬᠠᠭᠤᠯᠭ᠎ᠠ ᠶᠢ ᠥᠷᠭᠡᠨ ᠢᠶᠠᠷ ᠥᠷᠨᠢᠭᠦᠯᠦᠨ᠂ ᠭᠦᠨ ᠵᠤᠵᠠᠭᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠤᠢ ᠪᠣᠯᠭᠠᠵᠡᠢ᠃᡾ᠡᠷᠦᠬᠡ ᠪᠠᠷ ᠬᠦᠷᠴᠦ ᠳᠠᠯᠳᠠ ᠬᠡᠮ ᠢ ᠨᠠᠷᠢᠨ ᠪᠠᠶᠢᠴᠠᠭᠠᠵᠤ ᠨᠠᠷᠢᠨ ᠲᠠᠶᠢᠯᠪᠤᠷᠢᠯᠠᠨ᠂ ᠢᠯᠡᠷᠡᠭᠦᠯᠦᠭᠰᠡᠨ ᠠᠰᠠᠭᠤᠳᠠᠯ ᠢ ᠲᠤᠬᠠᠢ ᠶᠢᠨ ᠲᠠᠯᠠᠪᠤᠷ ᠲᠤ ᠨᠢ ᠲᠣᠳᠣᠷᠬᠠᠶᠢᠯᠠᠨ᠂ ᠰᠢᠢᠳᠪᠦᠷᠢᠯᠡᠵᠦ ᠳᠡᠶᠢᠯᠬᠦ ᠶᠢ ᠨᠢ ᠲᠤᠬᠠᠢ ᠶᠢᠨ ᠲᠠᠯᠠᠪᠤᠷ ᠲᠤᠨᠢ ᠰᠢᠢᠳᠪᠦᠷᠢᠯᠡᠵᠦ᠂ ᠪᠣᠳᠠᠲᠠᠢ ᠲᠠᠢ ᠪᠠᠨ ᠤᠶᠠᠯᠳᠤᠭᠤᠯᠤᠨ ᠣᠯᠠᠨ ᠲᠦᠮᠡᠨ ᠳᠤ ᠭᠠᠯ ᠤᠨ ᠭᠠᠮᠰᠢᠭ ᠢ ᠤᠷᠢᠳᠴᠢᠯᠠᠨ ᠰᠡᠷᠭᠡᠶᠢᠯᠡᠬᠦ ᠪᠠ ᠭᠠᠯ ᠤᠨᠲᠠᠷᠠᠭᠠᠨ ᠠᠮᠢ ᠵᠢᠭᠤᠲᠠᠬᠤ ᠮᠡᠳᠡᠯᠭᠡ ᠶᠢ ᠬᠠᠯᠠᠰᠢᠷᠠᠯ ᠦᠭᠡᠢ ᠤᠬᠠᠭᠤᠯᠤᠨ ᠲᠠᠶᠢᠯᠪᠤᠷᠢᠯᠠᠪᠡ᠃     ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠭᠠᠯ ᠤᠨᠲᠠᠷᠠᠭᠠᠬᠤ ᠤᠬᠠᠭᠤᠯᠭ᠎ᠠ ᠪᠠ ᠭᠠᠯ ᠴᠠᠬᠢᠯᠭᠠᠨ ᠬᠡᠷᠡᠭᠯᠡᠬᠦ ᠠᠮᠤᠷ ᠲᠦᠪᠰᠢᠨ ᠤ ᠮᠡᠳᠡᠯᠭᠡ ᠶᠢᠨ ᠲᠠᠶᠢᠯᠤᠮᠵᠢ ᠶᠢ ᠨᠢᠭᠡ ᠴᠣᠭᠴᠠᠵᠢᠭᠤᠯᠵᠤ᠂ ᠲᠢᠶᠠᠨ ᡂᠢ ᠪᠠᠯᠭᠠᠰᠤᠨ ᠤ ᠰᠠᠭᠤᠭᠠᠯᠢ ᠠᠷᠠᠳ ᠤᠨ ᠥᠪᠡᠷ ᠢ ᠪᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠤᠷ᠎ᠠ ᠴᠢᠳᠠᠪᠤᠷᠢ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠰᠠᠭᠤᠭᠠᠯᠢ ᠠᠷᠠᠳ ᠲᠤ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠰᠤᠷᠤᠯᠴᠠᠬᠤ ᠶᠢᠨ ᠴᠢᠬᠤᠯᠠ ᠴᠢᠨᠠᠷ ᠢ ᠭᠦᠨᠵᠡᠭᠡᠢ ᠣᠶᠢᠯᠠᠭᠠᠭᠤᠯᠵᠤ᠂ ᠭᠠᠯ ᠤᠨᠲᠠᠷᠠᠭᠠᠬᠤ ᠠᠵᠢᠯ ᠤᠨ ᠬᠥᠭᠵᠢᠯᠲᠡ ᠶᠢ ᠭᠠᠷ ᠬᠤᠯᠪᠣᠨ ᠠᠬᠢᠭᠤᠯᠪᠡ᠃ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠪᠥᠬᠦ ᠪᠠᠯᠭᠠᠰᠤᠨ ᠤ ᠬᠥᠮᠥᠨ ᠪᠦᠬᠦᠨ ᠭᠠᠯ ᠤᠨᠲᠠᠷᠠᠭᠠᠬᠤ ᠶᠢ ᠠᠩᠬᠠᠷᠴᠤ᠂ ᠬᠥᠮᠥᠨ ᠪᠦᠬᠦᠨ ᠭᠠᠯ ᠤᠨᠲᠠᠷᠠᠭᠠᠬᠤ ᠠᠵᠢᠯᠯᠠᠭ᠎ᠠ ᠳᠤ ᠢᠳᠡᠪᠬᠢᠳᠡᠢ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃
 
ᠢᠷᠡᠯᠲᠡ᠄ ᠲᠢᠶᠠᠨ ᡂᠢ ᠪᠠᠯᠭᠠᠰᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号