ᠶᠠᠩ ᠶᠦᠩ ᠵᠢᠦ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠳᠠᠯᠳᠠᠭᠤᠷ ᠪᠠᠶᠢᠴᠠᠭᠠᠵᠤ ᠤᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠵᠠᠢ
ᠨᠡᠶᠢᠲᠡᠯᠡᠭᠰᠡᠨ ᠴᠠᠭ᠄
2024/2/4
    2 ᠰᠠᠷ᠎ᠠ ᠶᠢᠨ 2 ᠤᠨ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠳᠥᠷᠪᠡᠨ ᠵᠡᠭᠡᠯᠢ ᠶᠢᠨ ︽ᠶᠢᠰᠦᠨ ᠪᠠᠭ᠎ᠠ ᠲᠠᠯᠠᠪᠤᠷ︾᠂ ᠢᠷᠪᠢᠰ ᠲᠥᠪᠯᠡᠷᠡᠭᠦᠯᠦᠨ ᠢᠯᠴᠢ ᠬᠠᠩᠭᠠᠬᠤ ᠲᠥᠪ᠂ ᠪᠠᠶᠢᠰᠢᠩ ᠭᠡᠷ ᠲᠠᠢ ᠲᠣᠭᠤᠷᠢᠭ ᠪᠠ ᠬᠥᠮᠥᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠢᠶᠠᠷ ᠬᠦᠷᠴᠦ ᠠᠶᠤᠯᠭᠦᠢ ᠦᠢᠯᠡᠳᠪᠦᠷᠢᠯᠡᠯ ᠤᠨ ᠠᠵᠢᠯ ᠢ ᠨᠢᠭᠤᠴᠠ ᠪᠠᠷ ᠪᠠᠶᠢᠴᠠᠭᠠᠨ ᠦᠵᠡᠪᠡ᠃ ᠬᠤᠲᠠ ᠶᠢᠨ ᠤᠳᠤᠷᠢᠳᠤᠯᠭ᠎ᠠ ᠬᠠᠨ ᠴᠠᠩ ᠵᠢᠦ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠪᠠ᠃     ᠬᠦᠷᠦᠭᠰᠡᠨ ᠭᠠᠵᠠᠷ ᠪᠣᠯᠭᠠᠨ ᠳᠤ ᠶᠠᠩ ᠶᠦᠩ ᠵᠢᠦ ᠪᠦᠷ ᠭᠠᠵᠠᠷ ᠳᠣᠣᠷᠠᠬᠢ ᠥᠷᠥᠭᠡ᠂ ᠲᠣᠭᠤᠭᠠᠨ ᠭᠡᠷ᠂ ᠬᠦᠮᠦᠷᠭᠡ ᠵᠡᠷᠭᠡ ᠠᠮᠤᠷ ᠲᠦᠪᠰᠢᠨ ᠤ ᠳᠠᠯᠳᠠ ᠭᠡᠮ ᠠᠮᠠᠷᠬᠠᠨ ᠣᠷᠣᠰᠢᠵᠤ ᠪᠠᠶᠢᠭ᠎ᠠ ᠭᠠᠵᠠᠷ ᠢᠶᠠᠷ ᠭᠦᠨᠵᠡᠭᠡᠶᠢᠷᠡᠵᠦ᠂ ᠭᠠᠯ ᠤᠨᠲᠠᠷᠠᠭᠠᠬᠤ ᠲᠦᠬᠦᠭᠡᠷᠣᠮᠵᠢ᠂ ᠰᠠᠭᠠᠳ ᠦᠭᠡᠢ ᠨᠡᠪᠳᠡᠷᠡᠬᠦ ᠵᠠᠮ᠂ ᠰᠢᠩᠭᠡᠵᠢᠮᠠᠯ ᠬᠡᠢ ᠶᠢ ᠬᠠᠳᠠᠭᠠᠯᠠᠬᠤ᠂ ᠬᠤᠸᠠᠷ ᠫᠤᠤᠵᠢᠩ ᠬᠤᠳᠠᠯᠳᠤᠬᠤ ᠳᠡᠯᠭᠡᠭᠦᠷ᠂ ᠰᠠᠭᠤᠭᠠᠯᠢ ᠠᠷᠠᠳ ᠤᠨ ᠪᠠᠭ᠎ᠠ ᠲᠣᠭᠤᠷᠢᠭ ᠤᠨ ᠭᠠᠯ ᠰᠡᠷᠭᠡᠶᠢᠯᠡᠬᠦ ᠠᠷᠭ᠎ᠠ ᠬᠡᠮᠵᠢᠶ᠎ᠡ᠂ ᠴᠠᠬᠢᠯᠭᠠᠨ ᠬᠡᠷᠡᠭᠯᠡᠬᠦ ᠲᠥᠬᠦᠭᠡᠷᠦᠮᠵᠢ ᠵᠡᠷᠭᠡ ᠪᠠᠶᠢᠳᠠᠯ ᠳᠤ ᠪᠥᠬᠦ ᠲᠠᠯ᠎ᠠ ᠪᠠᠷ ᠨᠠᠷᠢᠨ ᠨᠢᠮᠪᠠᠢ ᠪᠠᠶᠢᠴᠠᠭᠠᠯᠲᠠ ᠬᠢᠬᠦ ᠶᠢᠨ ᠬᠠᠮᠲᠤ ᠣᠷᠣᠰᠢᠵᠤ ᠪᠠᠶᠢᠭ᠎ᠠ ᠠᠮᠤᠷ ᠲᠦᠪᠰᠢᠨ ᠤ ᠲᠠᠯᠳᠠ ᠭᠡᠮ ᠢ ᠲᠤᠬᠠᠢ ᠶᠢᠨ ᠭᠠᠵᠠᠷ  ᠲᠤᠨᠢ ᠢᠯᠡᠷᠡᠭᠦᠯᠵᠦ᠂ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠬᠡᠷᠡᠭᠲᠡᠢ ᠭᠡᠵᠡᠢ᠃     ᠶᠠᠩ ᠶᠦᠩ ᠵᠢᠦ᠂ ᠪᠦᠬᠦ ᠬᠤᠳᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠴᠢᠩᠭᠠᠯᠠᠨ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠨᠠᠷᠢᠨ ᠪᠣᠳᠠᠲᠠᠢ ᠴᠢᠩᠭ᠎ᠠ ᠠᠳᠬᠤᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ᠂ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠣᠨ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡ᠊ᠨᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠰᠠᠭᠤᠭᠠᠯᠢ ᠠᠷᠠᠳ ᠤᠨ ᠲᠣᠭᠤᠷᠢᠭ᠂ ᠵᠡᠭᠡᠯᠢ ᠳᠠᠭᠠᠤ ᠶᠢᠨ ᠬᠤᠳᠠᠯᠳᠤᠭᠠᠨ ᠤ ᠳᠡᠯᠭᠡᠭᠦᠷ᠂ ᠢᠯᠴᠢ ᠬᠠᠩᠭᠠᠬᠤ ᠲᠥᠪ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ  ᠳᠠᠬᠢ ᠭᠠᠯ ᠤᠨᠲᠠᠷᠠᠭᠠᠬᠤ ᠠᠮᠤᠷ ᠲᠦᠪᠰᠢᠨ ᠤ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠯ᠎ᠡ ᠲᠥᠷᠥᠯ ᠤᠨ ᠬᠡᠮ ᠰᠣᠭᠤᠭ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ᠤᠬᠠᠭᠤᠯᠤᠨ ᠬᠥᠲᠥᠯᠥᠨ ᠵᠢᠯᠤᠭᠤᠳᠬᠤ ᠶᠢ ᠪᠥᠬᠦ ᠲᠠᠯ᠎ᠠ ᠪᠠᠷ ᠰᠠᠶᠢᠲᠤᠷ ᠬᠢᠵᠦ᠂ ᠠᠵᠢᠯ ᠡᠷᠬᠢᠯᠡᠭᠰᠡᠳ ᠤᠨ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠢ ᠴᠢᠩᠭᠠᠳᠬᠠᠨ᠂ ︽ᠬᠥᠮᠥᠨ ᠪᠣᠯᠭᠠᠨ ᠠᠮᠤᠷ ᠲᠦᠪᠰᠢᠨ ᠢ ᠠᠩᠬᠠᠷᠴᠤ᠂ ᠴᠠᠭ ᠢᠮᠠᠭᠲᠠ ᠠᠮᠤᠷ ᠲᠦᠪᠰᠢᠨ ᠢ ᠠᠩᠬᠠᠷᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ ᠭᠡᠵᠣ ᠴᠢᠬᠤᠯᠠᠴᠢᠯᠠᠵᠡᠢ ᠃  
 
ᠢᠷᠡᠯᠲᠡ᠄ ᠷᠡᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号