ᠶᠠᠩ ᠶᠦᠩ ᠵᠢᠦ ᠪᠦᠯᠬᠦᠮ ᠳᠠᠭᠠᠭᠤᠯᠤᠨ ᠬᠠᠷᠪᠢᠨ ᠬᠤᠳᠠᠨ ᠳᠤ ᠬᠦᠷᠴᠦ ᠰᠢᠨᠵᠢᠯᠡᠨ ᠪᠠᠶᠢᠴᠠᠭᠠᠵᠤ ᠲᠦᠷᠦᠯ ᠵᠦᠢᠯ ᠢ ᠵᠤᠯᠭᠠᠭᠤᠯᠵᠠᠢ
ᠨᠡᠶᠢᠲᠡᠯᠡᠭᠰᠡᠨ ᠴᠠᠭ᠄
2024/2/4
    1 ᠰᠠᠷ᠎ᠠ ᠶᠢᠨ 31 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠨᠠᠮ ᠵᠠᠰᠠᠭ ᠤᠨ ᠰᠢᠨᠵᠢᠯᠡᠨ ᠪᠠᠶᠢᠴᠠᠭᠠᠬᠤ ᠪᠦᠯᠬᠦᠮ ᠢ ᠳᠠᠭᠠᠭᠤᠯᠤᠨ ᠬᠠᠷᠪᠢᠨ ᠬᠤᠲᠠ ᠪᠠᠷ ᠬᠦᠷᠴᠦ ᠰᠢᠨᠵᠢᠯᠡᠨ ᠪᠠᠶᠢᠴᠠᠭᠠᠵᠤ ᠰᠤᠷᠤᠯᠴᠠᠭᠰᠠᠨ ᠪᠥᠭᠡᠳ ᠬᠠᠷᠪᠢᠨ ᠤ ᠮᠠᠳᠧᠯ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠳᠡᠳ᠋ ᠶᠡᠷᠦᠩᠬᠡᠢ ᠳᠠᠭᠠᠭᠠᠮᠠᠯ᠂ ᠬᠠᠷᠪᠢᠨ ᠤ ᠮᠥᠰᠥ ᠴᠠᠰᠤᠨ ᠤ ᠶᠡᠭᠡ ᠳᠡᠯᠡᠬᠡᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠭᠦᠸᠧ ᠬᠤᠩ ᠸᠧᠢ᠂ ᠬᠠᠷᠪᠢᠨ ᠤ ᠮᠥᠰᠥ ᠴᠠᠰᠤᠨ ᠤ ᠶᠡᠭᠡ ᠳᠡᠯᠡᠬᠡᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠪᠠᠶᠢᠩᠭᠤ ᠶᠢᠨ ᠳᠡᠳ᠋ ᠶᠡᠷᠦᠩᠬᠡᠢ ᠳᠠᠭᠠᠭᠠᠮᠠᠯ ᠯᠥᠸᠧ ᠰᠢᠨ ᠨᠠᠷ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠤᠳᠠ ᠶᠢᠨ ᠤᠳᠤᠷᠢᠳᠤᠯᠭ᠎ᠠ ᠸᠠᠩ ᠲᠢᠶᠠᠨ ᠹᠧᠩ᠂ ᠬᠠᠨ ᠴᠠᠩ ᠵᠢᠦ᠂ ᠪᠠᠢ ᠹᠧᠩ᠂ ᠸᠠᠩ ᠬᠠᠢ ᠵᠢᠶᠦ᠋ᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠣᠷᠣᠯᠴᠠᠪᠠ᠃     ᠶᠠᠩ ᠶᠦᠩ ᠵᠢᠦ ᠨᠠᠷ ᠮᠥᠰᠥ ᠴᠠᠰᠤᠨ ᠤ ᠶᠡᠭᠡ ᠶᠢᠷᠲᠢᠨᠴᠦ᠂ ᠨᠡᠷᠡᠨ ᠠᠷᠠᠯ ᠤᠨ ᠴᠠᠰᠤᠨ ᠦᠵᠡᠰᠬᠦᠯᠡᠩ ᠤᠨ ᠴᠤᠭᠯᠠᠭᠠᠨ᠂ ᠭᠤᠣᠯ ᠵᠡᠭᠡᠯᠢ᠂  ᠬᠤᠩ ᠵᠤᠸᠠᠨ ᠵᠢᠶᠧ ᠥᠷᠯᠥᠭᠡ ᠶᠢᠨ ᠵᠠᠬ᠎ᠠ ᠵᠡᠷᠭᠡ ᠭᠠᠵᠠᠷ ᠢᠶᠠᠷ ᠰᠢᠨᠵᠢᠯᠡᠨ ᠪᠠᠶᠢᠴᠠᠭᠠᠭᠰᠠᠨ ᠪᠥᠭᠡᠳ ᠡᠵᠡᠩᠨᠡᠨ ᠪᠣᠷᠣᠯᠠᠭᠤᠯᠬᠤ ᠵᠠᠭᠪᠤᠷ᠂ ᠦᠢᠯᠡᠴᠢᠯᠡᠭᠡᠨ ᠤ ᠰᠢᠰᠲ᠋ᠧᠮ᠂ ᠡᠵᠡᠩᠨᠡᠯᠲᠡ ᠶᠢᠨ ᠥᠪᠡᠷ ᠤᠨ ᠥᠷᠲᠡᠭ᠂ ᠬᠠᠮᠢᠶᠠᠷᠤᠯᠲᠠ ᠶᠢᠨ ᠠᠷᠭ᠎ᠠ ᠮᠠᠶ᠋ᠢᠭ ᠵᠡᠷᠭᠡ ᠪᠠᠶᠢᠳᠠᠯ ᠢ ᠨᠠᠷᠢᠨ ᠣᠶᠢᠯᠠᠭᠠᠪᠠ᠃     ᠶᠠᠷᠢᠯᠴᠠᠨ ᠰᠣᠯᠢᠯᠴᠠᠬᠤ ᠳᠤᠮᠳᠠ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠬᠠᠷᠪᠢᠨ ᠬᠤᠳᠠ ᠶᠢᠨ ᠮᠥᠰᠥ ᠴᠠᠰᠤᠨ ᠤ ᠵᠢᠭᠤᠯᠴᠢᠯᠠᠯ᠂ ᠮᠥᠰᠥ ᠴᠠᠰᠤᠨ ᠤ ᠠᠵᠤ ᠦᠢᠯᠡᠰ ᠤᠨ ᠬᠥᠭᠵᠢᠯᠲᠡ ᠶᠢᠨ ᠦᠷ᠎ᠡ ᠪᠦᠲᠦᠭᠡᠯ ᠢ ᠳᠡᠭᠡᠳᠦ ᠬᠡᠮᠵᠢᠶ᠎ᠡ ᠪᠠᠷ ᠦᠨᠡᠯᠡᠪᠡ᠃ ᠪᠦᠬᠦᠳᠡᠭᠡᠷ ᠢᠶᠠᠷ ᠢᠶᠠᠨ᠂ ᠬᠠᠷᠪᠢᠨ ᠤ ᠤᠰᠤ ᠲᠠᠲᠠᠬᠤ ᠡᠵᠡᠩᠨᠡᠯᠲᠡ᠂ ᠡᠵᠡᠩᠨᠡᠨ ᠪᠣᠷᠣᠯᠠᠭᠤᠯᠬᠤ ᠵᠠᠭᠪᠤᠷ᠂ ᠦᠢᠯᠡᠴᠢᠯᠡᠭᠡᠨ ᠤ ᠰᠢᠰᠲ᠋ᠧᠮ ᠵᠡᠷᠭᠡ ᠲᠠᠯ᠎ᠠ ᠶᠢᠨ ᠲᠡᠷᠢᠭᠦᠨ ᠤ ᠲᠤᠷᠰᠢᠯᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠣᠯᠢᠳᠠᠵᠤ᠂ ᠷᠠᠰᠢᠶᠠᠨ ᠤ ᠪᠣᠳᠠᠲᠤ ᠪᠠᠶᠢᠳᠠᠯ ᠲᠠᠢ ᠭᠦᠢᠴᠡᠳ ᠤᠶᠠᠯᠳᠤᠭᠤᠯᠵᠤ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠨᠡᠶᠢᠳᠬᠡᠬᠦ ᠶᠢ ᠢᠳᠡᠪᠬᠢᠲᠡᠢ ᠰᠦᠪᠡᠭᠴᠢᠯᠡᠨ᠂ ᠰᠢᠨ᠎ᠡ ᠶᠢ ᠡᠭᠦᠳᠬᠦ ᠰᠡᠳᠬᠢᠬᠦᠢ ᠶᠢᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠵᠡᠩᠨᠡᠨ ᠪᠣᠷᠣᠯᠠᠭᠤᠯᠬᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠵᠣᠭᠤᠰ ᠮᠥᠩᠭᠦ ᠲᠠᠷᠬᠠᠭᠠᠬᠤ ᠰᠣᠶᠣᠯ ᠵᠢᠭᠤᠯᠴᠢᠯᠠᠯ ᠤᠨ ᠲᠦᠷᠦᠯ ᠵᠦᠢᠯ ᠢ ᠡᠭᠦᠳᠴᠦ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠲᠠᠲᠠᠬᠤ ᠬᠦᠴᠦᠨ ᠢ ᠦᠷᠭᠦᠯᠵᠢᠯᠡᠨ ᠳᠡᠭᠡᠭᠰᠢᠯᠡᠭᠦᠯᠵᠦ᠂ ︽ᠬᠦᠢᠲᠡᠨ ᠡᠬᠢ ᠪᠠᠶᠠᠯᠢᠭ︾ ᠢ ︽ᠬᠠᠯᠠᠭᠤᠨ ᠠᠵᠤ ᠦᠢᠯᠡᠰ︾ ᠪᠣᠯᠭᠠᠨ ᠬᠤᠪᠢᠷᠠᠭᠤᠯᠬᠤ ᠶᠢ ᠪᠡᠶᠡᠯᠡᠭᠦᠯᠬᠦ ᠬᠡᠷᠡᠭᠲᠡᠢ ᠭᠡᠵᠦ ᠢᠯᠡᠷᠬᠡᠶᠢᠯᠡᠪᠡ᠃
 
ᠢᠷᠡᠯᠲᠡ᠄ ᠷᠡᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号