ᠷᠠᠰᠢᠶᠠᠨ ᠬᠤᠲᠠ ᠶᠢᠨ ᠨᠠᠮ ᠤᠨ ᠬᠤᠷᠢᠶ᠎ᠠ ᠲᠠᠪᠤᠳᠤᠭᠠᠷ ᠬᠤᠭᠤᠴᠠᠭᠠᠨ ᠤ ᠵᠢᠷᠠᠨ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2024/2/5
     2 ᠰᠠᠷ᠎ᠠ ᠶᠢᠨ 4 ᠤ ᠡᠳᠦᠷ᠂ ᠷᠠᠰᠢᠶᠠᠨ ᠬᠤᠲᠠ ᠶᠢᠨ ᠨᠠᠮ ᠤᠨ ᠬᠤᠷᠢᠶ᠎ᠠ ᠲᠠᠪᠤᠳᠤᠭᠠᠷ ᠬᠤᠭᠤᠴᠠᠭᠠᠨ ᠤ ᠵᠢᠷᠠᠨ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠴᠢᠬᠤᠯᠠ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢᠶᠠᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂  ᠷᠡᠰᠢᠶᠠᠨ ᠬᠤᠳᠡ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠯᠪᠣᠭᠳᠠᠯ ᠪᠦᠬᠦᠢ ᠭᠠᠵᠠᠷ ᠤᠨ ᠲᠠᠰ ᠤᠨ ᠤᠳᠤᠷᠢᠳᠤᠯᠭ᠎ᠠ ᠪᠤᠯᠤᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠣᠷᠣᠯᠴᠠᠵᠠᠢ᠃      ᠬᠤᠷᠠᠯ ᠠᠴᠠ᠂ ᠪᠦᠬᠦ ᠬᠤᠳᠠ ᠶᠢᠨ ᠳᠡᠭᠡᠳᠦ ᠳᠣᠣᠷᠠᠳᠤ ᠱᠠᠲᠤ ᠪᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾  ᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠠᠶᠢᠲᠤᠷ ᠰᠤᠷᠤᠯᠴᠠᠨ ᠬᠡᠷᠡᠭᠯᠡᠬᠦ ᠪᠠᠷ ᠬᠥᠲᠥᠯᠥᠨ ᠳᠠᠭᠠᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠤᠨᠢᠨ ᠳᠡᠭᠡᠷ᠎ᠡ ᠨᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠠᠰᠤᠷᠠᠯᠲᠠ ᠦᠭᠡᠢ ᠪᠣᠳᠠᠲᠤ ᠠᠬᠢᠴᠠ᠂ ᠱᠠᠲᠤᠴᠢ ᠴᠢᠨᠠᠷᠲᠠᠢ ᠦᠷ᠎ᠡ ᠪᠦᠲᠦᠭᠡᠯ ᠣᠯᠬᠤ ᠶᠢ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠠᠪᠤᠳᠠᠯ ᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠵᠦ᠂ ᠵᠤᠭᠠᠴᠠᠯ ᠤᠨ ᠬᠥᠭᠵᠢᠯᠲᠡ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠵᠡᠷᠭᠡ ᠭᠤᠣᠯᠳᠠᠯᠭ᠎ᠠ ᠲᠠᠢ ᠠᠵᠢᠯ ᠢ ᠭᠦᠨᠵᠡᠭᠡᠢ ᠪᠥᠭᠡᠳ ᠪᠣᠳᠠᠲᠠᠢ ᠪᠠᠷ ᠬᠢᠵᠦ᠂ ︽ᠬᠤᠶᠠᠷ ᠬᠤᠷᠠᠯ︾ ᠤᠨ ᠵᠣᠷᠢᠭ ᠰᠠᠨᠠᠭ᠎ᠠ ᠮᠠᠨ ᠤ ᠬᠤᠳᠠ ᠳᠤ ᠦᠨᠳᠦᠰᠦᠯᠡᠭᠳᠡᠵᠦ᠂ ᠴᠡᠴᠡᠭᠯᠡᠨ ᠵᠢᠮᠢᠰᠯᠡᠬᠦ ᠶᠢ ᠦᠨᠡᠨ ᠬᠦ ᠠᠬᠢᠭᠤᠯᠬᠤ ᠬᠡᠷᠡᠭᠲᠡᠢ ᠭᠡᠪᠠ      ᠬᠤᠷᠠᠯ ᠠᠴᠠ᠂ ᠪᠦᠬᠦ ᠬᠤᠳᠠ ᠪᠠᠷ ᠢᠶᠠᠨ ᠬᠠᠷᠢᠭᠤᠴᠠᠯᠭᠠᠲᠤ ᠰᠡᠳᠬᠢᠯᠭᠡ ᠪᠠ ᠲᠦᠭᠰᠢᠭᠦᠷᠢᠲᠦ ᠰᠡᠳᠬᠢᠯᠭᠡ ᠪᠠᠨ ᠴᠢᠨᠠᠭᠰᠢᠳᠠ ᠴᠢᠩᠭᠠᠳᠬᠠᠨ᠂ ᠰᠤᠳᠤᠯᠤᠨ ᠪᠠᠶᠢᠷᠢᠯᠠᠭᠤᠯᠬᠤ᠂ ᠱᠠᠯᠠᠪᠳᠠᠭᠤᠯᠤᠨ ᠨᠠᠶᠢᠳᠠᠪᠤᠷᠢᠵᠢᠭᠤᠯᠬᠤ᠂ ᠭᠡᠮ ᠰᠣᠭᠤᠭ ᠢ ᠴᠡᠭᠴᠡᠯᠡᠨ ᠵᠠᠰᠠᠬᠤ ᠠᠵᠢᠯ ᠢ ᠦᠨᠡᠨ ᠬᠦ ᠪᠡᠶᠡᠯᠡᠭᠦᠯᠬᠦ ᠬᠡᠷᠡᠭᠲᠡᠢ᠃ ︽ᠭᠤᠷᠪᠠ ᠶᠢ ᠬᠠᠮᠢᠶᠠᠷᠬᠤ ᠳᠤ ᠭᠤᠷᠪᠠᠨ ᠡᠷᠬᠡᠪᠰᠢ ᠪᠠᠷᠢᠮᠳᠠᠯᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠶᠢᠰᠦᠨ ᠪᠠᠭ᠎ᠠ ᠲᠠᠯᠠᠪᠤᠷ︾ ᠪᠣᠯᠣᠨ ᠵᠠᠮ ᠬᠠᠷᠢᠯᠴᠠᠭ᠎ᠠ᠂ ᠵᠢᠭᠤᠯᠴᠢᠯᠠᠯ ᠤᠨ ᠵᠠᠬ᠎ᠠ ᠳᠡᠯᠭᠡᠭᠦᠷ᠂ ᠠᠶᠤᠯᠲᠠᠢ ᠬᠢᠮᠢ ᠶᠢᠨ ᠪᠣᠳᠠᠰ᠂ ᠬᠤᠳᠠᠯᠳᠤᠭ᠎ᠠ ᠪᠠ ᠣᠷᠣᠨ ᠰᠠᠭᠤᠴᠠ ᠵᠠᠯᠭᠠᠯᠳᠤᠭᠰᠠᠨ ᠭᠡᠷ ᠪᠠᠶᠢᠰᠢᠩ᠂ ᠪᠠᠶᠢᠰᠢᠩ ᠭᠡᠷ ᠲᠠᠢ ᠰᠠᠭᠤᠭᠠᠯᠢ ᠠᠷᠠᠳ ᠤᠨ ᠲᠣᠭᠤᠷᠢᠭ ᠵᠡᠷᠭᠡ ᠭᠤᠣᠯᠳᠠᠯᠭ᠎ᠠ ᠲᠠᠢ ᠠᠩᠬᠠᠷᠬᠤ ᠶᠠᠪᠤᠳᠠᠯ ᠢ ᠴᠢᠩᠭ᠎ᠠ ᠠᠩᠬᠠᠷᠴᠤ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯᠯᠠᠭ᠎ᠠ ᠶᠢ ᠨᠡᠶᠢᠳᠡᠮ ᠥᠷᠨᠢᠭᠦᠯᠵᠦ᠂ ᠠᠮᠤᠷ ᠲᠦᠪᠰᠢᠨ ᠤ ᠡ᠊ᠨᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠴᠠᠭᠠᠨ ᠰᠠᠷ᠎ᠠ ᠶᠢᠨ ᠬᠤᠭᠤᠴᠠᠭᠠᠨ ᠳᠤ ᠵᠢᠵᠢᠭᠦᠷᠯᠡᠨ ᠰᠠᠬᠢᠬᠤ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠳᠤᠷᠢᠳᠤᠯᠭ᠎ᠠ ᠵᠢᠵᠢᠭᠦᠷ ᠳᠠᠭᠠᠭᠤᠯᠬᠤ ᠪᠠ 24 ᠴᠠᠭ ᠢᠶᠠᠷ ᠵᠢᠵᠢᠭᠦᠷᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠱᠠᠯᠠᠪᠳᠠᠭᠤᠯᠤᠨ  ᠪᠠᠶᠢᠴᠠᠭᠠᠬᠤ ᠶᠢ ᠴᠢᠩᠭᠠᠳᠬᠠᠵᠤ᠂ ᠤᠯᠠᠨ ᠲᠦᠮᠡᠨ ᠤ ᠵᠣᠯ ᠵᠢᠷᠭᠠᠯ ᠲᠠᠢ᠂ ᠠᠮᠤᠷ ᠠᠮᠤᠭᠤᠯᠠᠩ᠂ ᠥᠯᠵᠡᠢ ᠪᠡᠯᠭᠡ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠣ ᠴᠢᠬᠤᠯᠠᠴᠢᠯᠡᠪᠡ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠷᠡᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号