2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠣᠭᠤᠰᠢᠯᠠᠭᠤᠯᠣᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ᠠᠷᠪᠠᠨ ᠳᠥᠷᠪᠡᠳᠦᠭᠡᠷ ᠲᠠᠪᠤᠨ | ᠵᠢᠯ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠨᠠᠬᠢ ᠳᠤ ᠵᠠᠮ ᠨᠡᠭᠡᠭᠡᠬᠦ | ᠵᠠᠩᠭᠢᠯᠠᠭ᠎ᠠ ᠶᠢᠨ ᠵᠢᠯ ᠮᠥᠨ᠃ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ ᠬᠤᠷᠸ᠎ᠠ ᠠᠵᠤ ᠠᠬᠤᠢ ᠶᠢᠨ ᠪᠠᠶᠢᠳᠠᠯ | ᠪᠣᠯᠣᠨ ᠥᠭᠡᠷᠡᠴᠢᠯᠡᠯᠲᠡ ᠬᠢᠬᠦ ᠬᠥᠭᠵᠢᠭᠦᠯᠬᠦ ᠲᠣᠭᠲᠠᠭᠤᠨ ᠪᠠᠶᠢᠯᠭᠠᠬᠤ ᠬᠠᠲᠠᠭᠤ ᠪᠡᠷᠬᠡ ᠨᠦᠰᠡᠷ ᠬᠦᠨᠳᠦ | ᠡᠭᠦᠷᠭᠡ ᠶᠢᠨ ᠡᠮᠦᠨ᠎ᠡ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠢ | ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠤᠲᠠ ᠶᠢᠨ ᠨᠠᠮ ᠤᠨ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ | ᠠᠩᠬᠠᠷᠤᠯ ᠢᠶᠠᠨ ᠲᠥᠪᠯᠡᠷᠡᠭᠦᠯᠣᠨ᠂ ︽12135︾ ᠵᠤᠭᠠᠴᠠᠯ ᠤᠨ ᠴᠢᠨᠠᠷ ᠰᠠᠶᠢᠲᠠᠢ ᠬᠥᠭᠵᠢᠯᠲᠡ ᠶᠢᠨ ᠰᠡᠳᠬᠢᠴᠡ | ᠶᠣᠰᠣᠭᠠᠷ᠂ ︽ᠨᠢᠭᠡ ᠬᠤᠳᠠ ᠪᠠᠷ ᠬᠥᠲᠥᠯᠥᠨ ᠳᠠᠭᠠᠭᠤᠯᠵᠤ᠂ ᠲᠠᠪᠤᠨ ᠲᠣᠭᠤᠷᠢᠭ ᠢᠶᠠᠷ ᠲᠤᠯᠭᠠᠭᠤᠷᠢᠯᠠᠭᠤᠯᠬᠤ︾ | ᠬᠥᠭᠵᠢᠯᠲᠡ ᠶᠢᠨ ᠴᠢᠭᠯᠡᠯ ᠳᠤ ᠰᠠᠭᠤᠷᠢᠯᠠᠵᠤ᠂ ᠤᠯᠤᠰ ᠤᠨ ᠲᠡᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ | ᠡᠭᠦᠳᠦᠨ ᠪᠠᠶᠢᠭᠤᠯᠬᠤ ᠪᠠᠷ ᠲᠡᠷᠢᠭᠦᠨ ᠢᠨᠵᠧᠨᠧᠷᠢᠩ ᠪᠣᠯᠭᠠᠵᠤ᠂ ᠡᠷᠡᠮᠡᠬᠡᠶᠢᠯᠡᠨ ᠤᠷᠤᠭᠰᠢᠯᠠᠵᠣ᠂ ᠬᠤᠳᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠣᠯᠣᠳᠤᠭᠠᠷ ᠬᠤᠭᠤᠴᠠᠭᠠᠨ ᠤ ᠬᠤᠶᠠᠳᠤᠭᠠᠷ ᠣᠳᠡᠭᠠᠨ ᠤ | ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠵᠦ᠂ ᠪᠦᠬᠦ ᠵᠢᠯ ᠳᠤ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 23.1 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 5.2% ᠢᠶᠠᠷ ᠨᠡᠮᠡᠭᠳᠡᠪᠡ᠃ | 2024 ᠣᠨ ᠤ ᠭᠤᠣᠯ ᠵᠢᠱᠢᠭᠰᠡᠨ ᠬᠠᠷᠠᠯᠲᠠ ᠶᠢ ᠳᠤᠷᠠᠳᠤᠨ ᠭᠠᠷᠭᠠᠪᠠ᠄ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ ᠢ 10% ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ 12% ᠠᠴᠠ ᠳᠡᠭᠡᠭᠰᠢ ᠨᠡᠮᠡᠭᠳᠡᠭᠦᠯᠵᠦ᠂ ᠲᠣᠭᠲᠠᠭᠠᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠢ 12% ᠣᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ | ᠲᠥᠰᠥᠪ ᠤᠨ ᠣᠷᠣᠯᠭ᠎ᠠ ᠶᠢ 5% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠬᠤ ᠶᠡᠷᠦᠩᠬᠡᠢ ᠲᠤᠭ᠎ᠠ ᠶᠢ 6% ᠣᠷᠴᠢᠮ ᠨᠡᠮᠡᠭᠳᠡᠭᠦᠯᠵᠦ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ | ᠬᠠᠩᠰᠢ ᠶᠢᠨ ᠥᠰᠦᠯᠲᠡ ᠶᠢᠨ ᠬᠡᠮᠵᠢᠶ᠎ᠡ ᠶᠢ 3% ᠣᠷᠴᠢᠮ ᠪᠠᠶᠢᠯᠭᠠᠵᠤ᠂ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ | ᠨᠡᠮᠡᠭᠳᠡᠯ ᠲᠠᠢ ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠵᠤ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ | ᠠᠵᠢᠯ ᠠᠯᠳᠠᠯᠲᠠ ᠶᠢᠨ ᠨᠣᠷᠮ᠎ᠠ ᠶᠢ 5% ᠶᠢᠨ ᠳᠣᠲᠣᠷ᠎ᠠ ᠬᠢᠵᠠᠭᠠᠷᠯᠠᠨ᠎ᠠ᠃ ᠨᠢᠭᠡᠴᠢ ᠦᠢᠯᠡᠳᠪᠦᠷᠢᠯᠡᠯ ᠤᠨ ᠶᠡᠷᠦᠩᠬᠡᠢ | ᠦᠷᠳᠡᠭ ᠤᠨ ᠡᠨᠧᠷᠭᠢ ᠶᠢᠨ ᠬᠤᠷᠣᠭᠳᠠᠭᠤᠯᠭ᠎ᠠ ᠶᠢᠨ ᠬᠦᠴᠦᠯᠡᠴᠡ ᠪᠠ ᠪᠣᠬᠢᠷᠲᠤᠯ ᠪᠣᠳᠠᠰ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠭᠦᠢᠴᠡᠳᠬᠡᠬᠦ ᠲᠤᠭ᠎ᠠ ᠶᠢ ᠳᠡᠭᠡᠳᠦ ᠱᠠᠲᠤᠨ ᠠᠴᠠ ᠲᠣᠭᠲᠠᠭᠠᠭᠰᠠᠨ ᠬᠠᠷᠠᠯᠲᠠ ᠶᠣᠰᠣᠭᠠᠷ | ᠬᠡᠷᠡᠭᠵᠢᠭᠦᠯᠪᠡ᠃ | |