︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠠᠭ ᠠᠭᠤᠷ ᠤᠨ ᠬᠠᠤᠯᠢ︾᠂ ᠲᠥᠷᠥ ᠶᠢᠨ | ᠶᠠᠪᠤᠳᠠᠯ ᠤᠨ ᠬᠤᠷᠢᠶᠠᠨ ᠤ ︽ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠬᠠᠮᠢᠶᠠᠷᠤᠯᠲᠠ ᠶᠢᠨ ᠳᠦᠷᠢᠮ︾ | ᠪᠤᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦ ᠪᠠᠷ ᠴᠠᠭ ᠠᠭᠤᠷ ᠢ | ᠨᠥᠯᠥᠭᠡᠯᠡᠬᠦ ᠬᠠᠮᠢᠶᠠᠷᠤᠯᠳᠠ ᠶᠢᠨ ᠠᠷᠭ᠎ᠠ︾ ᠶᠢᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠤᠨ᠂ ᠷᠠᠰᠢᠶᠠᠨ | ᠬᠤᠲᠠ ᠶᠢᠨ ᠠᠭᠤᠷ ᠠᠮᠢᠰᠬᠤᠯ ᠤᠨ ᠣᠨᠴᠠᠯᠢᠭ ᠪᠠ ᠭᠠᠮᠰᠢᠭ ᠢ ᠰᠡᠷᠭᠡᠶᠢᠯᠡᠨ ᠪᠠᠭᠠᠰᠬᠠᠬᠤ ᠠᠵᠢᠯ ᠤᠨ | ᠬᠡᠷᠡᠭᠴᠡᠭᠡ ᠲᠠᠢ ᠤᠶᠠᠯᠳᠤᠭᠤᠯᠵᠣ᠂ ᠷᠠᠰᠢᠶᠠᠨ ᠬᠤᠲᠠ ᠶᠢᠨ ᠴᠠᠭ ᠠᠭᠤᠷ ᠤᠨ ᠲᠣᠪᠴᠢᠶ᠎ᠠ ᠠᠴᠠ ᠬᠥᠮᠥᠨ ᠤ | ᠬᠦᠴᠦ ᠪᠠᠷ ᠪᠣᠷᠣᠭᠠᠨ ︵ᠴᠠᠰᠤ︶ ᠨᠡᠮᠡᠬᠦ᠂ ᠭᠠᠩ ᠬᠠᠭᠰᠠᠷᠠᠭᠠᠨ ᠲᠠᠢ ᠲᠡᠮᠡᠴᠡᠬᠦ᠂ ᠠᠮᠢ ᠠᠬᠤᠢ ᠶᠢ ᠰᠡᠷᠭᠦᠭᠡᠬᠦ ᠪᠠ | ᠨᠡᠶᠢᠭᠡᠮ ᠤᠨ ᠴᠢᠬᠤᠯᠠ ᠶᠡᠭᠡ ᠠᠵᠢᠯᠯᠠᠭ᠎ᠠ ᠶᠢᠨ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ | ᠵᠡᠷᠭᠡ ᠪᠠᠷ ᠵᠣᠷᠢᠯᠭ᠎ᠠ ᠪᠣᠯᠭᠠᠭᠰᠠᠨ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠢ ᠴᠠᠭ ᠲᠤᠨᠢ | ᠲᠣᠬᠢᠷᠠᠭᠤᠯᠤᠨ ᠥᠷᠨᠢᠭᠦᠯᠪᠡ᠃ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠠᠶᠤᠯᠭᠦᠢ ᠶᠢᠨ | ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠢ ᠪᠠᠲᠤᠯᠠᠨ᠂ ᠠᠵᠢᠯᠯᠠᠬᠤ ᠬᠤᠭᠤᠴᠠᠭᠠᠨ ᠳᠤ ᠰᠠᠨᠠᠭᠠᠨ ᠳᠤ ᠦᠭᠡᠢ ᠡ᠊ᠨᠳᠡᠯ ᠭᠠᠷᠬᠤ ᠶᠢ ᠡᠮᠬᠢ | ᠵᠢᠷᠤᠮ ᠲᠠᠢ ᠪᠠᠷ ᠠᠷᠭᠠᠴᠠᠭᠠᠬᠤ ᠶᠢᠨ ᠲᠥᠯᠥᠭᠡ᠂ ᠬᠠᠮᠢᠶ᠎ᠠ ᠪᠦᠬᠦᠢ ᠵᠠᠷᠯᠠᠯ ᠲᠤᠤᠷᠠᠬᠢ ᠮᠡᠳᠦ᠄ | ᠨᠢᠭᠡ᠂ ᠠᠵᠢᠯ ᠤᠨ ᠴᠠᠭ ᠬᠤᠭᠤᠴᠠᠭ᠎ᠠ᠄ | 2024 ᠣᠨ ᠤ 3 ᠰᠠᠷ᠎ᠠ ᠶᠢᠨ 1 ᠤ ᠡᠳᠦᠷ ᠠᠴᠠ 2024 ᠣᠨ ᠤ 12 ᠰᠠᠷ᠎ᠠ ᠶᠢᠨ 31 ᠤ ᠡᠳᠦᠷ | ᠪᠣᠯᠲᠠᠯ᠎ᠠ ᠶᠠᠪᠤᠭᠳᠠᠨ᠎ᠠ᠃ | ᠬᠤᠶᠠᠷ᠂ ᠠᠵᠢᠯᠯᠠᠬᠤ ᠣᠷᠣᠨ ᠲᠣᠭᠤᠷᠢᠭ᠄ | ᠷᠠᠰᠢᠶᠠᠨ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠬᠡᠪᠴᠢᠶ᠎ᠡ ᠳᠤ ᠶᠠᠪᠤᠭᠳᠠᠨ᠎ᠠ᠃ | ᠭᠤᠷᠪᠠ᠂ ᠠᠵᠢᠯ ᠤᠨ ᠲᠣᠨᠤᠭ ᠲᠦᠬᠦᠭᠡᠷᠣᠮᠵᠢ᠄ | CF3-II ᠬᠡᠯᠪᠡᠷᠢ ᠶᠢᠨ ᠪᠣᠷᠣᠭᠠᠨ ᠨᠡᠮᠡᠭᠳᠡᠭᠦᠯᠵᠤ ᠮᠥᠨᠳᠥᠷ ᠢ ᠰᠡᠷᠭᠡᠶᠢᠯᠡᠬᠦ ᠲᠡᠶᠢᠷᠦᠯᠲᠦ ᠰᠤᠮᠤ ᠬᠠᠷᠪᠤᠬᠤ | ᠲᠠᠯᠪᠢᠭᠤᠷ᠂ RYI-6300 ᠬᠡᠯᠪᠡᠷᠢ ᠶᠢᠨ ᠪᠣᠷᠣᠭᠠᠨ ᠨᠡᠮᠡᠭᠳᠡᠭᠦᠯᠬᠦ ᠲᠡᠶᠢᠷᠦᠯᠲᠦ ᠰᠤᠮᠤ᠃ | ᠳᠥᠷᠪᠡ᠂ ᠠᠩᠬᠠᠷᠬᠤ ᠵᠦᠢᠯ᠄ | 1. ᠭᠠᠵᠠᠷ ᠳᠡᠭᠡᠷᠡᠬᠢ ᠲᠡᠶᠢᠷᠦᠯᠲᠦ ᠰᠤᠮᠤ ᠶᠢᠨ ᠪᠣᠷᠣᠭᠠᠨ ᠢ ᠨᠡᠮᠡᠭᠳᠡᠭᠦᠯᠬᠦ ᠠᠵᠢᠯ ᠪᠣᠯ ᠦᠨᠳᠦᠷ ᠲᠤ | ᠬᠠᠷᠪᠤᠬᠤ ᠫᠤᠤ ᠪᠤᠯᠤᠨ᠎ᠠ᠃ ᠲᠡᠷᠡ ᠨᠢ ᠴᠡᠷᠢᠭ ᠤᠨ ᠶᠠᠪᠤᠳᠠᠯ ᠪᠤᠯᠤᠨ ᠠᠭᠠᠷ ᠤᠨ ᠠᠶᠠᠯᠠᠯ ᠵᠡᠷᠭᠡ ᠠᠮᠤᠷ | ᠲᠦᠪᠰᠢᠨ ᠤ ᠠᠰᠠᠭᠤᠳᠠᠯ ᠳᠤ ᠬᠤᠯᠪᠣᠭᠳᠠᠨ᠎ᠠ᠂ ᠶᠠᠮᠠᠷᠪᠠ ᠨᠢᠭᠡᠴᠢ ᠪᠠ ᠬᠤᠪᠢ ᠬᠥᠮᠥᠨ ᠶᠠᠮᠠᠷᠪᠠ ᠪᠠᠶᠢᠳᠠᠯ ᠳᠣᠣᠷ᠎ᠠ | ᠠᠭᠠᠷ ᠤᠨ ᠣᠷᠣᠨ ᠤ ᠬᠠᠮᠢᠶᠠᠷᠤᠯᠳᠠ ᠰᠠᠯᠠᠭ᠎ᠠ ᠮᠥᠴᠢᠷ ᠤᠨ ᠵᠥᠪᠰᠢᠶᠡᠷᠡᠯ ᠦᠭᠡᠢ ᠪᠠᠷ ᠳᠤᠷ᠎ᠠ ᠪᠠᠷ ᠢᠶᠠᠨ | ᠠᠵᠢᠯᠯᠠᠬᠤ ᠶᠢ ᠴᠢᠩᠭ᠎ᠠ ᠴᠠᠭᠠᠵᠠᠯᠠᠨ᠎ᠠ᠃ | 2. ᠭᠠᠵᠠᠷ ᠳᠡᠭᠡᠷᠡᠬᠢ ᠲᠡᠶᠢᠷᠦᠯᠲᠦ ᠰᠤᠮᠤ ᠶᠢᠨ ᠪᠣᠷᠣᠭᠠᠨ ︵ᠴᠠᠰᠤ︶ ᠨᠡᠮᠡᠭᠳᠡᠭᠦᠯᠬᠦ ᠳᠤ ᠬᠡᠷᠡᠭᠯᠡᠬᠦ | ᠲᠡᠶᠢᠷᠦᠯᠲᠦ ᠰᠤᠮᠤ ᠪᠣᠯ ᠴᠡᠷᠢᠭ ᠤᠨ ᠠᠵᠤ ᠦᠢᠯᠡᠳᠪᠦᠷᠢ ᠶᠢᠨ ᠦᠢᠯᠡᠳᠪᠦᠷᠢᠯᠡᠭᠰᠡᠨ ᠳᠡᠯᠪᠡᠷᠡᠬᠦ ᠠᠶᠤᠯᠲᠤ | ᠪᠣᠳᠠᠰ ᠲᠤ ᠲᠣᠭᠠᠴᠠᠭᠳᠠᠨ᠎ᠠ᠂ ᠤᠯᠤᠰ ᠠᠴᠠ ᠵᠣᠬᠢᠬᠤ ᠬᠡᠮᠵᠢᠶᠡᠨ ᠤ ᠰᠣᠬᠤᠷ ᠰᠤᠮᠤ ᠶᠢᠨ ᠨᠤᠷᠮ᠎ᠠ ︵ᠶᠠᠪᠠ | ᠪᠥᠮᠪᠦᠭᠡ︶ ᠲᠠᠢ ᠪᠠᠶᠢᠬᠤ ᠶᠢ ᠵᠥᠪᠰᠢᠶᠡᠷᠡᠨ᠎ᠡ ᠭᠡᠵᠦ ᠲᠣᠭᠲᠠᠭᠠᠵᠠᠢ᠃ ᠥᠷᠭᠡᠨ ᠣᠯᠠᠨ ᠬᠤᠲᠠ ᠶᠢᠨ ᠠᠷᠠᠳ ᠲᠤ | ᠰᠠᠨᠠᠭᠤᠯᠬᠤ ᠨᠢ᠂ ᠶᠠᠪᠠ ᠰᠤᠮᠤ ᠪᠤᠶᠤ ᠲᠡᠶᠢᠷᠦᠯᠲᠦ ᠰᠤᠮᠤ ᠶᠢᠨ ᠲᠠᠮᠲᠤᠷᠬᠠᠢ ᠬᠡᠮᠬᠡᠳᠡᠭ ᠢ ᠣᠯᠵᠤ ᠮᠡᠳᠡᠪᠡᠯ᠂ ᠲᠤᠬᠠᠢ | ᠶᠢᠨ ᠭᠠᠵᠠᠷ ᠤᠨ ᠵᠠᠰᠠᠭ ᠤᠨ ᠣᠷᠳᠣᠨ ᠵᠢᠴᠢ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠯᠪᠠᠨ ᠭᠡᠷ ︵ | ᠴᠠᠭ ᠠᠭᠤᠷ ᠤᠨ ᠲᠣᠪᠴᠢᠶ᠎ᠠ ᠳᠤ ᠪᠠᠶᠢᠷᠢᠯᠠᠭᠤᠯᠤᠨ᠎ᠠ︶ ᠳᠤ ᠳᠠᠷᠤᠶᠢᠬᠠᠨ ᠮᠡᠳᠡᠭᠦᠯᠬᠦ ᠬᠡᠷᠡᠭᠲᠡᠢ᠂ ᠡᠰᠡᠬᠦᠯ᠎ᠡ ᠲᠡᠷᠡ | ᠳᠠᠷᠤᠢ ᠳᠤᠨᠢ 110 ᠳᠤ ᠤᠲᠠᠰᠤᠳᠠᠵᠤ ᠲᠤᠬᠠᠢ ᠶᠢᠨ ᠭᠠᠵᠠᠷ ᠤᠨ ᠳᠣᠲᠣᠭᠠᠳᠤ ᠶᠢ ᠬᠠᠮᠠᠭᠠᠯᠠᠬᠤ ᠰᠠᠯᠠᠭ᠎ᠠ | ᠮᠥᠴᠢᠷ ᠲᠤ ᠲᠦᠭᠰᠢᠭᠦᠷᠢ ᠮᠡᠳᠡᠭᠦᠯᠬᠦ ᠶᠢᠨ ᠬᠠᠮᠲᠤ ᠲᠤᠬᠠᠢ ᠶᠢᠨ ᠭᠠᠵᠠᠷ ᠢ ᠬᠠᠮᠠᠭᠠᠯᠠᠵᠤ᠂ ᠬᠤᠪᠢ ᠪᠠᠷ ᠢᠶᠠᠨ | ᠵᠠᠳᠠᠯᠵᠤ ᠪᠠᠭᠤᠯᠭᠠᠬᠤ ᠶᠢ ᠴᠢᠩᠭ᠎ᠠ ᠴᠠᠭᠠᠵᠠᠯᠠᠵᠤ᠂ ᠰᠠᠨᠠᠭᠠᠨ ᠳᠤ ᠦᠭᠡᠢ ᠭᠡᠮᠲᠦᠯ ᠰᠢᠷᠬᠠᠲᠤᠯ ᠤᠨ ᠡ᠊ᠨᠳᠡᠯ ᠭᠠᠷᠬᠤ | ᠠᠴᠠ ᠰᠡᠷᠭᠡᠶᠢᠯᠡᠬᠦ ᠬᠡᠷᠡᠭᠲᠡᠢ᠂ ᠥᠪᠡᠷ ᠢᠶᠠᠨ ᠰᠢᠢᠳᠪᠦᠷᠢᠯᠡᠭᠰᠡᠨ ᠦᠷ᠎ᠡ ᠳ᠋ᠦᠩ ᠢ ᠥᠪᠡᠷ ᠢᠶᠠᠨ ᠬᠠᠷᠢᠭᠤᠴᠠᠬᠤ | ᠬᠡᠷᠡᠭᠲᠡᠢ᠃ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠡᠯ᠎ᠡ ᠵᠦᠢᠯ ᠤᠨ ᠲᠥᠬᠦᠭᠡᠷᠦᠮᠵᠢ ᠶᠢ ᠡᠪᠳᠡᠬᠦ ᠶᠢ | ᠴᠢᠩᠭ᠎ᠠ ᠴᠠᠭᠠᠵᠠᠯᠠᠵᠤ᠂ ᠣᠯᠵᠤ ᠮᠡᠳᠡᠮᠡᠭᠴᠡ ᠴᠢᠩᠭ᠎ᠠ ᠰᠢᠢᠳᠪᠦᠷᠢᠯᠡᠬᠦ ᠬᠡᠷᠡᠭᠲᠡᠢ᠃ | ᠷᠠᠰᠢᠶᠠᠨ ᠬᠤᠲᠠ ᠶᠢᠨ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠵᠢᠯᠤᠭᠤᠳᠬᠤ ᠭᠠᠵᠠᠷ ᠤᠨ | ᠠᠯᠪᠠᠨ ᠭᠡᠷ ᠤᠨ ᠤᠲᠠᠰᠤ᠄ 0482 ︱ 7120087 ᠪᠤᠯᠤᠨ᠎ᠠ᠃ | ᠬᠠᠷᠢᠯᠴᠠᠬᠤ ᠬᠥᠮᠥᠨ᠄ ᠲᠦᠩ ᠪᠣᠯᠠᠭ᠂ ᠤᠲᠠᠰᠤ 13948267060 ᠪᠤᠯᠤᠨ᠎ᠠ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ᠃ | ᠷᠠᠰᠢᠶᠠᠨ ᠬᠤᠳᠠ ᠶᠢᠨ ᠴᠠᠭ ᠠᠭᠤᠷ ᠤᠨ ᠲᠣᠪᠴᠢᠶ᠎ᠠ | 2024 ᠣᠨ ᠤ 2 ᠰᠠᠷ᠎ᠠ ᠶᠢᠨ 29 ᠤ ᠡᠳᠣᠷ | | |