1. ᠠᠷᠢᠬᠢ ᠲᠠᠮᠠᠬᠢ ᠪᠣᠯ ᠴᠥᠮ ᠥᠮᠡᠨ ᠡᠭᠦᠰᠭᠡᠳᠡᠭ 1 ᠳ᠋ᠤᠭᠡᠷ ᠲᠥᠷᠥᠯ ᠤᠨ ᠪᠣᠳᠠᠰ ᠪᠣᠯᠤᠨ᠎ᠠ | ᠠᠷᠢᠬᠢ ᠲᠠᠮᠠᠬᠢ ᠨᠢ ᠴᠥᠮ ᠥᠮᠡᠨ ᠡᠭᠦᠰᠭᠡᠳᠡᠭ 1 ᠳ᠋ᠤᠭᠡᠷ ᠲᠥᠷᠥᠯ ᠤᠨ ᠪᠣᠳᠠᠰ ᠪᠣᠯᠤᠨ᠎ᠠ᠃ ᠲᠠᠮᠠᠬᠢ ᠳᠤ | ᠲᠠᠮᠠᠬᠢ ᠲᠠᠲᠠᠬᠤ᠂ ᠭᠠᠷ ᠲᠠᠮᠵᠢᠬᠰᠠᠨ ᠲᠠᠮᠠᠬᠢ ᠲᠠᠲᠠᠬᠤ᠂ ᠤᠳᠤᠭ᠎ᠠ ᠦᠭᠡᠢ ᠲᠠᠮᠠᠬᠢ ᠵᠢᠴᠢ ᠡᠯ᠎ᠡ ᠵᠦᠢᠯ ᠤᠨ | ᠲᠠᠮᠠᠬᠢᠨ ᠪᠦᠲᠦᠭᠡᠭᠳᠡᠬᠦᠨ ᠵᠡᠷᠭᠡ ᠪᠠᠭᠲᠠᠨ᠎ᠠ︔ ᠠᠷᠢᠬᠢ ᠳᠤ ᠠᠯᠢᠪᠠ ᠰᠫᠢᠷᠲ ᠠᠭᠤᠯᠤᠭᠰᠠᠨ ᠤᠮᠳᠠᠭᠠᠨ ᠪᠠᠭᠲᠠᠨ᠎ᠠ᠃ | | 2. ᠤᠯᠠᠭᠠᠨ ᠮᠢᠬ᠎ᠠ ︵ᠢᠳᠡᠬᠦ︶ ᠪᠣᠯ 2 ᠳ᠋ᠤᠭᠠᠷ A ᠲᠥᠷᠥᠯ ᠤᠨ ᠥᠮᠡᠨ ᠡᠭᠦᠰᠭᠡᠳᠡᠭ 2 ᠳ᠋ᠤᠭᠠᠷ A | ᠲᠥᠷᠥᠯ ᠤᠨ ᠪᠣᠳᠠᠰ ᠪᠣᠯᠤᠨ᠎ᠠ︔ ᠡᠳ᠋ᠰᠢᠬᠦᠯᠦᠨ ᠪᠣᠯᠪᠠᠰᠤᠷᠠᠭᠤᠯᠤᠭᠰᠠᠨ ᠮᠢᠬᠠᠨ ᠤ ᠵᠦᠢᠯ ︵ᠢᠳᠡᠬᠦ︶ ᠨᠢ ᠥᠮᠡᠨ | ᠡᠭᠦᠰᠭᠡᠳᠡᠭ 1 ᠳ᠋ᠤᠭᠡᠷ ᠲᠥᠷᠥᠯ ᠤᠨ ᠪᠣᠳᠠᠰ ᠪᠣᠯᠤᠨ᠎ᠠ᠃ ᠤᠯᠠᠭᠠᠨ ᠢᠳᠡᠭᠡ ᠭᠡᠳᠡᠭ ᠨᠢ ᠬᠤᠭᠤᠯᠠ | ᠬᠢᠬᠦ ᠠᠴᠠ ᠡᠮᠦᠨ᠎ᠡ ᠤᠯᠠᠭᠠᠨ ᠥᠩᠭᠡ ᠲᠠᠢ ᠮᠢᠬ᠎ᠠ ᠶᠢ ᠵᠢᠭᠠᠵᠤ ᠪᠠᠶᠢᠨ᠎ᠠ᠃ ᠳᠡᠯᠡᠬᠡᠶ ᠶᠢᠨ ᠡᠷᠡᠭᠦᠯ ᠬᠠᠮᠠᠭᠠᠯᠠᠯ ᠤᠨ | ᠵᠣᠬᠢᠶᠠᠨ ᠪᠠᠶᠢᠭᠤᠯᠤᠯᠲᠠ ᠶᠢᠨ ᠬᠠᠷᠢᠶᠠᠳᠤ ᠥᠮᠡᠨ ᠡᠪᠡᠳᠴᠢᠨ ᠤ ᠰᠤᠳᠤᠯᠭᠠᠨ ᠤ ᠪᠠᠶᠢᠭᠤᠯᠤᠮᠵᠢ ᠨᠢ ᠤᠯᠠᠭᠠᠨ | ᠢᠳᠡᠭᠡ ᠶᠢ ᠥᠮᠡᠨ ᠡᠭᠦᠰᠭᠡᠬᠦ 2 ᠳ᠋ᠤᠭᠠᠷ A ᠲᠥᠷᠥᠯ ᠤᠨ ᠪᠣᠳᠠᠰ ᠤᠨ ᠨᠠᠷᠢᠨ ᠬᠠᠭᠤᠳᠠᠰᠤᠨ ᠳᠤ ᠣᠷᠣᠭᠤᠯᠵᠤ᠂ | ᠤᠯᠠᠭᠠᠨ ᠢᠳᠡᠭᠡ ᠢᠳᠡᠬᠦ ᠨᠢ ᠪᠦᠳᠦᠭᠦᠨ ᠭᠡᠳᠡᠰᠦᠨ ᠤ ᠥᠮᠡᠨ ᠵᠡᠷᠭᠡ ᠳᠤ ᠨᠡᠷᠪᠡᠭᠳᠡᠬᠦ ᠲᠦᠭᠰᠢᠭᠦᠷᠢ ᠶᠢ | ᠨᠡᠮᠡᠭᠳᠡᠭᠦᠯᠳᠡᠭ᠃ ᠡᠳ᠋ᠰᠢᠬᠦᠯᠦᠨ ᠪᠣᠯᠪᠠᠰᠤᠷᠠᠭᠤᠯᠤᠭᠰᠠᠨ ᠮᠢᠬ᠎ᠠ ᠭᠡᠳᠡᠭ ᠨᠢ ᠡᠳ᠋ᠰᠢᠬᠦᠯᠦᠨ ᠪᠣᠯᠪᠠᠰᠤᠷᠠᠭᠤᠯᠤᠭᠰᠠᠨ | ᠮᠢᠬ᠎ᠠ ᠶᠢ ᠵᠢᠭᠠᠵᠤ ᠪᠠᠶᠢᠨ᠎ᠠ᠂ ᠡᠳ᠋ᠰᠢᠬᠦᠯᠦᠨ ᠪᠣᠯᠪᠠᠰᠤᠷᠠᠭᠤᠯᠤᠭᠰᠠᠨ ᠮᠢᠬ᠎ᠠ ᠪᠠᠷ ᠬᠢᠭᠰᠡᠨ ᠮᠢᠬᠠᠨ ᠤ | ᠪᠦᠲᠦᠭᠡᠭᠳᠡᠬᠦᠨ ᠨᠢ ᠪᠦᠳᠦᠭᠦᠨ ᠭᠡᠳᠡᠰᠦᠨ ᠤ ᠥᠮᠡᠨ ᠳᠤ ᠨᠡᠷᠪᠡᠭᠳᠡᠬᠦ ᠲᠦᠭᠰᠢᠭᠦᠷᠢ ᠶᠢ ᠢᠯᠡᠳᠲᠡ ᠨᠡᠮᠡᠭᠳᠡᠭᠦᠯᠳᠡᠭ᠂ | ᠡᠶᠢᠮᠦ ᠠᠴᠠ ᠰᠢᠨ᠎ᠡ ᠰᠣᠷᠭᠤᠭ ᠮᠢᠬ᠎ᠠ ᠢᠳᠡᠬᠦ ᠶᠢ ᠰᠠᠨᠠᠭᠤᠯᠵᠤ ᠪᠠᠶᠢᠨ᠎ᠠ ᠬᠡᠪᠡ᠃ | 3. ᠲᠣᠰᠣᠨ ᠳᠤ ᠪᠤᠴᠠᠯᠭᠠᠬᠰᠠᠨ ᠪᠤᠶᠤ ᠰᠢᠷᠠᠭᠰᠠᠨ ᠳᠠᠪᠤᠰᠤᠯᠠᠬᠰᠠᠨ ︽ᠠᠩᠬᠢᠯᠤᠮ᠎ᠠ︾ ᠦᠨᠦᠷ ᠲᠠᠢ | ᠢᠳᠡᠭᠡᠨ ᠨᠢ ᠥᠮᠡᠨ ᠡᠭᠦᠰᠭᠡᠳᠡᠭ | ᠲᠣᠰᠣᠨ ᠳᠤ ᠪᠤᠴᠠᠯᠭᠠᠬᠰᠠᠨ ᠪᠤᠶᠤ ᠰᠢᠷᠠᠭᠰᠠᠨ ᠢᠳᠡᠭᠡᠨ ᠨᠢ ᠪᠦᠷᠢᠨ ᠪᠤᠰᠤ ᠰᠢᠲᠠᠯᠲᠠ ᠠᠴᠠ ᠪᠤᠯᠵᠤ | ᠡᠭᠦᠰᠦᠭᠰᠡᠨ ᠬᠢᠮᠢ ᠶᠢᠨ ᠪᠣᠳᠠᠰ ᠵᠢᠱᠢᠶᠡᠯᠡᠪᠡᠯ ᠹᠧᠨᠢᠯ ᠫᠷᠣᠫᠠᠨᠤᠯ ︵α︶ ᠫᠢᠷᠤᠨ ᠪᠣᠯ ᠥᠮᠡᠨ ᠡᠭᠦᠰᠭᠡᠬᠦ 1 ᠳ᠋ᠤᠭᠡᠷ | ᠲᠥᠷᠥᠯ ᠤᠨ ᠪᠣᠳᠠᠰ ᠪᠣᠯᠤᠨ᠎ᠠ︔ ᠳᠤᠮᠳᠠᠳᠤ ᠤᠯᠤᠰ ᠤᠨ ᠮᠠᠶ᠋ᠢᠭ ᠤᠨ ᠱᠣᠷᠪᠣᠭ ᠵᠢᠭᠠᠰᠤ ᠪᠣᠯ ᠥᠮᠡᠨ ᠡᠭᠦᠰᠭᠡᠬᠦ | 1 ᠳ᠋ᠤᠭᠡᠷ ᠲᠥᠷᠥᠯ ᠤᠨ ᠪᠣᠳᠠᠰ ᠪᠣᠯᠤᠨ᠎ᠠ︔ ᠲᠣᠰᠣᠨ ᠳᠤ ᠪᠤᠴᠠᠯᠭᠠᠭᠰᠠᠨ᠂ ᠥᠨᠳᠥᠷ ᠬᠠᠯᠠᠭᠤᠨ ᠢᠶᠠᠷ ᠰᠢᠷᠠᠬᠰᠠᠨ | ᠢᠳᠡᠭᠡᠨ ᠨᠢ ᠥᠮᠡᠨ ᠡᠭᠦᠰᠭᠡᠬᠦ 2 ᠳ᠋ᠤᠭᠠᠷ A ᠲᠥᠷᠥᠯ ᠤᠨ ᠪᠣᠳᠠᠰ ᠪᠣᠯᠤᠨ᠎ᠠ︔ ᠠᠽᠢᠶ᠎ᠠ ᠲᠢᠪ ᠤᠨ ᠤᠯᠠᠮᠵᠢᠯᠠᠯᠲᠤ | ᠳᠠᠪᠤᠰᠤᠯᠠᠭᠰᠠᠨ ᠨᠣᠭᠤᠭ᠎ᠠ ᠨᠢ ᠥᠮᠡᠨ ᠡᠭᠦᠰᠭᠡᠬᠦ 2 ᠳ᠋ᠤᠭᠠᠷ A ᠲᠥᠷᠥᠯ ᠤᠨ ᠪᠣᠳᠠᠰ ᠪᠣᠯᠤᠨ᠎ᠠ᠃ ᠣᠨᠴᠠᠭᠠᠶᠢᠯᠠᠨ | ᠰᠢᠩᠭᠡᠭᠡᠯᠲᠡ ᠶᠢᠨ ᠵᠠᠮ ᠤᠨ ᠥᠮᠡᠨ᠂ ᠬᠤᠳᠣᠭᠤᠳᠣᠨ ᠥᠮᠡᠨ ᠵᠡᠷᠭᠡ ᠳᠤ ᠨᠡᠷᠪᠡᠭᠳᠡᠬᠦ ᠲᠦᠭᠰᠢᠭᠦᠷᠢ ᠲᠠᠢ ᠪᠠᠶᠢᠳᠠᠭ | ᠃ | 4. ᠬᠤᠭᠤᠴᠠᠭ᠎ᠠ ᠨᠢ ᠬᠡᠲᠦᠷᠡᠭᠰᠡᠨ ᠪᠤᠶᠤ ᠸᠠᠯᠠᠬᠰᠠᠨ ᠢᠳᠡᠭᠡᠨ ᠤ ︽ᠬᠤᠣᠷᠲᠤ ᠡᠳ᠋︾ ᠨᠢ ᠥᠮᠡᠨ | ᠡᠭᠦᠰᠭᠡᠳᠡᠭ | ᠰᠢᠷ᠎ᠠ ᠬᠥᠷᠥᠩᠭᠡ ᠶᠢᠨ ᠬᠥᠭᠡᠴᠦ ᠶᠢᠨ ᠬᠤᠣᠷᠲᠤ ᠡᠳ᠋ ᠨᠢ ᠥᠮᠡᠨ ᠡᠭᠦᠰᠭᠡᠳᠡᠭ ᠨᠢᠭᠡ ᠲᠥᠷᠥᠯ ᠤᠨ | ᠪᠣᠳᠠᠰ ᠪᠣᠯᠤᠨ᠎ᠠ᠃ ᠸᠠᠯᠠᠬᠰᠠᠨ ᠪᠤᠶᠤ ᠬᠤᠭᠤᠴᠠᠭ᠎ᠠ ᠨᠢ ᠬᠡᠲᠦᠷᠡᠭᠰᠡᠨ ᠢᠳᠡᠭᠡᠨ ᠨᠢ ᠥᠮᠡᠨ ᠳᠤ ᠨᠡᠷᠪᠡᠭᠳᠡᠬᠦ | ᠲᠦᠭᠰᠢᠭᠦᠷᠢ ᠶᠢ ᠨᠡᠮᠡᠭᠳᠡᠭᠦᠯᠳᠡᠭ᠂ ᠵᠢᠱᠢᠶᠡᠯᠡᠪᠡᠯ ᠡᠯᠢᠭᠡᠨ ᠤ ᠥᠮᠡᠨ ᠳᠤ ᠨᠡᠷᠪᠡᠭᠳᠡᠭᠦᠯᠳᠡᠭ᠃ | 5. ᠬᠠᠯᠠᠭᠤᠨ ᠢᠳᠡᠭᠡᠨ ᠤᠮᠳᠠᠭᠠᠨ ᠢ ︽ᠬᠠᠯᠠᠭᠤᠨ ᠢᠶᠠᠷ ᠤᠤᠭᠤᠵᠤ ᠢᠳᠡᠬᠦ︾ ᠨᠢ ᠥᠮᠡᠨ ᠡᠪᠡᠳᠴᠢᠨ | ᠡᠭᠦᠰᠭᠡᠳᠡᠭ | 65 ℃ ᠠᠴᠠ ᠳᠡᠭᠡᠭᠰᠢᠬᠢ ᠬᠠᠯᠠᠭᠤᠨ ᠤᠮᠳᠠᠭᠠᠨ ︵ᠤᠤᠭᠤᠬᠤ︶ ᠨᠢ 2 ᠳ᠋ᠤᠭᠠᠷ A ᠲᠥᠷᠥᠯ ᠤᠨ | ᠥᠮᠡᠨ ᠡᠭᠦᠰᠭᠡᠳᠡᠭ᠃ ᠬᠠᠯᠠᠭᠤᠨ ᠢᠳᠡᠭᠡᠨ ︵65 ℃ ᠠᠴᠠ ᠳᠡᠭᠡᠭᠰᠢ︶᠂ ᠤᠳᠠᠭᠠᠨ ᠴᠢᠨᠠᠷᠲᠠᠶ ᠤᠯᠠᠭᠠᠨ | ᠬᠤᠭᠤᠯᠠᠶ ᠶᠢᠨ ᠦᠷᠪᠢᠰᠦᠯ ᠡᠭᠦᠰᠴᠦ᠂ ᠡᠴᠦᠰ ᠲᠡᠭᠡᠨ ᠤᠯᠠᠭᠠᠨ ᠬᠤᠭᠤᠯᠠᠶ ᠶᠢᠨ ᠥᠮᠡᠨ ᠵᠡᠷᠭᠡ ᠳᠤ ᠨᠡᠷᠪᠡᠭᠳᠡᠬᠦ | ᠲᠦᠭᠰᠢᠭᠦᠷᠢ ᠶᠢ ᠨᠡᠮᠡᠭᠳᠡᠭᠦᠯᠳᠡᠭ᠃ | 6. ᠪᠢᠩᠯᠠᠩ ᠤᠨ ︽ᠵᠠᠵᠢᠯᠤᠭᠤᠷ︾ ᠢᠳᠡᠭᠡᠨ ᠨᠢ ᠥᠮᠡᠨ ᠡᠭᠦᠰᠭᠡᠳᠡᠭ | ᠪᠢᠩᠯᠠᠩ ︵ᠪᠢᠩᠯᠠᠩ ᠵᠢᠮᠢᠰ᠂ ᠲᠠᠮᠠᠬᠢ ᠠᠭᠤᠯᠬᠤ ᠪᠤᠶᠤ ᠲᠠᠮᠠᠬᠢ ᠠᠭᠤᠯᠬᠤ ᠥᠬᠡᠶ ᠪᠢᠩᠯᠠᠩ | ᠵᠠᠵᠢᠯᠤᠭᠤᠷ ᠢᠳᠡᠭᠡᠨ︶ ᠨᠢ 1 ᠳ᠋ᠤᠭᠡᠷ ᠲᠥᠷᠥᠯ ᠤᠨ ᠥᠮᠡᠨ ᠡᠭᠦᠰᠭᠡᠳᠡᠭ 1 ᠳ᠋ᠤᠭᠡᠷ ᠲᠥᠷᠥᠯ ᠤᠨ ᠪᠣᠳᠠᠰ ᠪᠣᠯᠤᠨ᠎ᠠ᠃ | ᠪᠢᠩᠯᠠᠩ ᠨᠢ ᠠᠮᠠᠨ ᠬᠥᠨᠳᠡᠶ ᠶᠢᠨ ᠥᠮᠡᠨ ᠤᠯᠤᠭᠤᠯᠳᠠᠭ︔ ᠡᠭᠦᠨ ᠠᠴᠠ ᠭᠠᠳᠠᠨ᠎ᠠ ᠪᠠᠰᠠ ᠵᠠᠯᠭᠢᠭᠤᠷ ᠤᠨ | ᠥᠮᠡᠨ᠂ ᠲᠥᠪᠣᠩᠬᠡᠶ ᠶᠢᠨ ᠥᠮᠡᠨ᠂ ᠤᠯᠠᠭᠠᠨ ᠬᠤᠭᠤᠯᠠᠶ ᠶᠢᠨ ᠥᠮᠡᠨ ᠵᠡᠷᠭᠡ ᠶᠢ ᠡᠭᠦᠰᠭᠡᠬᠦ ᠲᠠᠢ ᠵᠣᠬᠢᠬᠤ | ᠬᠡᠮᠵᠢᠶᠡᠨ ᠤ ᠬᠤᠯᠪᠣᠭ᠎ᠠ ᠲᠠᠢ ᠪᠠᠶᠢᠳᠠᠭ᠃ | 7. ᠢᠳᠡᠭᠡᠨ ᠤᠮᠳᠠᠭᠠᠨ ᠢᠳᠡᠵᠦ ᠤᠤᠭᠤᠬᠤ ᠡᠷᠡᠭᠦᠯ ᠪᠤᠰᠤ ᠳᠠᠳᠬᠠᠯ ᠨᠢ ᠥᠮᠡᠨ ᠡᠭᠦᠰᠭᠡᠳᠡᠭ | ᠵᠠᠷᠢᠮ ᠬᠥᠮᠦᠨ ᠶᠠᠭᠤᠮ᠎ᠠ ᠢᠳᠡᠬᠦ ᠳᠡᠭᠡᠨ ᠪᠦᠬᠦᠯᠢ ᠬᠠᠭ᠋ᠤᠯᠢ ᠪᠠᠷ ᠨᠢ ᠵᠠᠯᠭᠢᠵᠤ᠂ ᠬᠡᠲᠦᠷᠡᠲᠡᠯ᠎ᠡ ᠢᠳᠡᠵᠦ | ᠤᠤᠭᠤᠵᠤ᠂ ᠰᠠᠶᠢᠳᠤᠷ ᠵᠠᠵᠢᠯᠵᠤ ᠤᠳᠠᠭᠠᠨ ᠵᠠᠯᠭᠢᠳᠠᠭ ᠦᠭᠡᠢ᠂ ᠢᠳᠡᠭᠡᠨ ᠤᠮᠳᠠᠭᠠᠨ ᠢᠳᠡᠵᠦ ᠤᠤᠭᠤᠬᠤ ᠨᠢ | ᠵᠢᠮ᠎ᠡ ᠬᠠᠤᠯᠢ ᠦᠭᠡᠢ᠂ ᠭᠤᠷᠪᠠᠨ ᠡᠷᠡᠨ ᠤ ᠬᠤᠭᠤᠯᠠ ᠪᠠᠨ ᠲᠤᠬᠳᠠᠬᠰᠠᠨ ᠴᠠᠭ ᠲᠠᠭᠠᠨ ᠢᠳᠡᠬᠦ ᠦᠭᠡᠢ᠂ ᠬᠠᠶᠠ | ᠦᠯᠦᠰᠬᠦᠯᠡᠩ ᠬᠠᠶᠠ ᠴᠠᠳᠬᠤᠯᠠᠩ᠂ ᠬᠤᠭᠤᠯᠠ ᠢᠳᠡᠪᠡᠯ ᠭᠡᠳᠦᠷᠡᠳᠡᠯ᠎ᠡ ᠢᠳᠡᠳᠡᠭ᠂ ᠲᠡᠶᠢᠨ ᠬᠦ ᠤᠯᠠᠭᠠᠨ | ᠬᠤᠭᠤᠯᠠᠢ ᠪᠠ ᠬᠤᠳᠣᠭᠤᠳᠣ ᠨᠢ ᠤᠷᠲᠤ ᠬᠤᠭᠤᠴᠠᠭ᠎ᠠ ᠪᠠᠷ ᠲᠠᠷᠴᠢᠯᠠᠭᠠᠭᠳᠠᠳᠠᠭ ᠢᠶᠠᠷ ᠢᠶᠠᠨ ᠠᠳᠠᠯᠢᠬᠠᠨ ᠥᠮᠡᠨ ᠳᠤ | ᠨᠡᠷᠪᠡᠭᠳᠡᠬᠦ ᠨᠤᠷᠮ᠎ᠠ ᠨᠢ ᠨᠡᠩ ᠥᠨᠳᠥᠷ ᠪᠠᠶᠢᠳᠠᠭ᠃ ᠵᠠᠷᠢᠮ ᠬᠥᠮᠦᠨ ᠨᠢ ᠬᠤᠭᠤᠯᠠ ᠭᠤᠯᠣᠳᠠᠭ ᠠᠴᠠ ᠰᠢᠮ᠎ᠡ | ᠲᠡᠵᠢᠭᠡᠯ ᠨᠢ ᠲᠡᠩᠴᠡᠭᠦᠷᠢ ᠥᠬᠡᠶ ᠪᠤᠯᠵᠤ᠂ ᠰᠢᠮ᠎ᠡ ᠲᠡᠵᠢᠭᠡᠯ ᠨᠢ ᠬᠦᠷᠦᠯᠴᠡᠬᠦ ᠥᠬᠡᠶ ᠪᠤᠶᠤ ᠢᠯᠡᠭᠦᠳᠡᠵᠦ᠂ ᠢᠳᠡᠵᠦ | ᠤᠤᠭᠤᠬᠤ ᠪᠠᠨ ᠵᠤᠬᠢᠰᠳᠠᠢ ᠲᠣᠬᠢᠷᠠᠭᠤᠯᠬᠤ ᠥᠬᠡᠶ ᠪᠠᠶᠢᠳᠠᠭ ᠪᠤᠯᠬᠤᠷ ᠥᠮᠡᠨ ᠳᠤ ᠨᠡᠷᠪᠡᠭᠳᠡᠬᠦ ᠲᠦᠭᠰᠢᠭᠦᠷᠢ ᠶᠢ | ᠨᠡᠮᠡᠭᠳᠡᠭᠦᠯᠵᠦ ᠮᠡᠳᠡᠨ᠎ᠡ᠃ ᠪᠠᠰᠠ ᠵᠠᠷᠢᠮ ᠬᠥᠮᠦᠨ ᠨᠢ ᠰᠢᠬᠢᠷ ᠶᠡᠬᠡᠳᠡᠢ ᠪᠠ ᠥᠨᠳᠥᠷ ᠡᠨᠧᠷᠭᠢᠲᠦ ᠢᠳᠡᠭᠡᠨ ᠤᠮᠳᠠᠭᠠᠨ | ᠢᠳᠡᠬᠦ ᠲᠤᠷᠠᠳᠠᠢ ᠪᠠᠶᠢᠳᠠᠭ ᠠᠴᠠ ᠪᠡᠶ᠎ᠡ ᠶᠢᠨ ᠬᠦᠨᠳᠦ ᠨᠢ ᠪᠠᠷᠢᠮᠵᠢᠶ᠎ᠠ ᠠᠴᠠ ᠬᠡᠲᠦᠷᠡᠳᠡᠯ᠎ᠡ ᠮᠠᠷᠢᠶᠠᠯᠠᠳᠠᠭ᠂ ᠡᠶᠢᠮᠦ | ᠪᠠᠶᠢᠳᠠᠯ ᠨᠢ ᠮᠦᠨ ᠠᠳᠠᠯᠢᠬᠠᠨ ᠥᠮᠡᠨ ᠳᠤ ᠨᠡᠷᠪᠡᠭᠳᠡᠬᠦ ᠲᠦᠭᠰᠢᠭᠦᠷᠢ ᠶᠢ ᠨᠡᠮᠡᠭᠳᠡᠭᠦᠯᠳᠡᠭ᠃ |