ᠰᠢᠨ ᠴᠧᠩ ᠵᠡᠭᠡᠯᠢ ᠶᠢᠨ ᠡᠪᠯᠡᠯ ᠤᠨ ᠠᠵᠢᠯ ᠤᠨ ᠵᠦᠪᠯᠡᠯ ︽ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠠᠴᠠ ᠰᠠᠷᠭᠡᠶᠢᠯᠡᠬᠦ︾ ᠤᠬᠠᠭᠤᠯᠭ᠎ᠠ ᠬᠢᠵᠡᠢ
ᠨᠡᠶᠢᠲᠡᠯᠡᠭᠰᠡᠨ ᠴᠠᠭ᠄
2024/3/13
      3 ᠰᠠᠷ᠎ᠠ ᠶᠢᠨ 12 ᠤᠨ ᠡᠳᠦᠷ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠮᠡᠬᠡᠯᠡᠯ ᠢ ᠰᠡᠷᠭᠡᠶᠢᠯᠡᠬᠦ ᠤᠬᠠᠮᠰᠠᠷ ᠪᠠ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠷᠡᠰᠢᠶᠠᠨ ᠬᠤᠳᠡ ᠶᠢᠨ ᠰᠢᠨ ᠴᠧᠩ ᠵᠡᠭᠡᠯᠢ ᠶᠢᠨ ᠬᠢᠨ ᠰᠢᠨ ᠴᠧᠩ ᠵᠡᠭᠡᠯᠢ ᠶᠢᠨ ᠡᠪᠯᠡᠯ ᠤᠨ ᠠᠵᠢᠯ ᠤᠨ ᠵᠦᠪᠯᠡᠯ ᠲᠠᠢ ᠬᠠᠮᠲᠤᠷᠠᠨ ︽ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠠᠴᠠ ᠰᠠᠷᠭᠡᠶᠢᠯᠡᠵᠣ ᠬᠠᠤᠯᠢ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ︾ ᠥᠷᠨᠢᠭᠦᠯᠪᠡ᠃       ᠠᠵᠢᠯᠯᠠᠭ᠎ᠠ ᠶᠢᠨ ᠳᠤᠮᠳᠠ᠂ ᠠᠵᠢᠯᠲᠠᠳ ᠬᠠᠷᠢᠶ᠎ᠠ ᠣᠷᠣᠨ ᠤ ᠪᠠᠨ ᠬᠤᠳᠠᠯᠳᠤᠭᠠᠨ ᠤ ᠫᠦᠰᠡ᠂ ᠰᠠᠭᠤᠭᠠᠯᠢ ᠠᠷᠠᠳ ᠤᠨ ᠭᠡᠷ ᠢᠶᠠᠷ ᠭᠦᠨᠵᠡᠭᠡᠶᠢᠷᠡᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ ᠠᠵᠢᠯᠯᠠᠭ᠎ᠠ ᠶᠢᠨ ᠪᠠᠶᠢᠩᠭᠤ ᠭᠡᠷᠡᠭᠯᠡᠬᠦ ᠠᠷᠭ᠎ᠠ ᠪᠠᠰᠢᠷ ᠵᠢᠴᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠢᠭᠤᠷᠲᠠᠨ ᠲᠠᠶᠢᠯᠪᠤᠷᠢᠯᠠᠵᠤ ᠦᠭᠴᠠᠢ᠃ ᠪᠠᠰᠠ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠠᠶᠢᠴᠠᠭᠠᠬᠤ ᠰᠢᠭᠦᠬᠦ ᠬᠤᠷᠢᠶ᠎ᠠ ᠵᠡᠷᠭᠡ ᠬᠠᠤᠯᠢ ᠬᠡᠷᠡᠭᠵᠢᠭᠦᠯᠬᠦ ᠠᠵᠢᠯᠲᠠᠨ ᠪᠣᠶᠣ ᠲᠠᠨᠢᠯ ᠬᠥᠮᠥᠨ ᠢᠶᠠᠷ ᠣᠪᠯᠠᠬᠤ᠂ ᠪᠡᠯᠡ ᠣᠷᠣᠭᠤᠯᠤᠯᠲᠠ ᠪᠠᠷ ᠬᠠᠭᠤᠷᠮᠠᠭᠯᠠᠬᠤ ᠵᠡᠷᠭᠡ ᠠᠷᠭ᠎ᠠ ᠪᠠᠰᠢᠷ ᠢ ᠨᠠᠷᠢᠨ ᠲᠠᠨᠢᠯᠴᠠᠭᠤᠯᠬᠤ ᠶᠢᠨ ᠬᠠᠮᠲᠤ ᠠᠳᠠᠯᠢ ᠪᠤᠰᠤ ᠮᠡᠬᠡᠯᠡᠯ ᠤᠨ ᠠᠵᠢᠯᠯᠠᠭ᠎ᠠ ᠶᠢᠨ ᠲᠥᠷᠥᠯ ᠵᠦᠢᠯ ᠳᠤ ᠴᠢᠭᠯᠡᠭᠦᠯᠦᠨ ᠰᠡᠷᠭᠡᠶᠢᠯᠡᠬᠦ ᠰᠠᠨᠠᠭᠤᠯᠭ᠎ᠠ ᠭᠠᠷᠭᠠᠭᠰᠠᠨ ᠪᠠᠶᠢᠨ᠎ᠠ᠃ ᠡᠭᠦᠨ ᠤ ᠵᠡᠷᠭᠡ ᠳᠤ ᠰᠠᠭᠤᠭᠠᠯᠢ ᠠᠷᠠᠳ ᠲᠤ ᠴᠠᠭ ᠢᠮᠠᠭᠲᠠ ᠰᠣᠨᠣᠷ ᠰᠡᠷᠡᠮᠵᠢ ᠲᠠᠢ ᠪᠠᠶᠢᠵᠤ᠂ ᠬᠤᠪᠢ ᠬᠥᠮᠥᠨ ᠤ ᠮᠡᠳᠡᠭᠡ ᠵᠠᠩᠭᠢ ᠪᠠᠨ ᠰᠠᠶᠢᠲᠤᠷ ᠬᠠᠮᠠᠭᠠᠯᠠᠵᠤ᠂ ᠰᠡᠵᠢᠭᠯᠡᠯ ᠲᠣᠬᠢᠶᠠᠯᠳᠤᠪᠠᠯ ᠴᠠᠭ ᠲᠤᠬᠠᠢ ᠳᠤᠨᠢ ᠬᠢᠨᠠᠨ ᠬᠠᠷᠭᠤᠭᠤᠯᠬᠤ ᠪᠤᠶᠤ ᠴᠠᠭᠳᠠᠭ᠎ᠠ ᠳᠤ ᠮᠡᠳᠡᠭᠦᠯᠬᠦ ᠬᠡᠷᠡᠭᠲᠡᠢ ᠭᠡᠵᠦ ᠰᠠᠨᠠᠭᠤᠯᠵᠡᠢ᠃       ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠣᠯᠠᠨ ᠲᠦᠮᠡᠨ ᠢ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠲᠤᠬᠠᠢ ᠨᠠᠩ ᠭᠦᠨᠵᠡᠭᠡᠢ ᠲᠠᠨᠢᠯᠲᠠ ᠲᠠᠢ ᠪᠣᠯᠭᠠᠵᠤ᠂ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠠᠴᠠ ᠰᠠᠷᠭᠡᠶᠢᠯᠡᠬᠦ ᠶᠢ ᠪᠠᠶᠠᠯᠠᠬᠦᠯᠵᠡᠢ᠃
 
ᠢᠷᠡᠯᠲᠡ᠄ ᠪᠦᠯᠬᠦᠮᠳᠡᠨ ᠲᠡᠮᠡᠴᠡᠵᠦ ᠪᠠᠶᠢᠭ᠎ᠠ ᠷᠠᠰᠢᠶᠠᠨ ᠤ ᠷᠢᠳᠢ ᠰᠢᠳᠢ ᠲᠠᠢ ᠰᠢᠨ ᠴᠧᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号