ᠲᠢᠶᠠᠨ ᡂᠢ ᠪᠠᠯᠭᠠᠰᠤ 2024 ᠣᠨ ᠤ ︽ᠪᠦᠬᠦ ᠣᠷᠣᠨ ᠪᠦᠰᠡ ᠶᠢᠨ ᠬᠠᠷᠢᠯᠴᠠᠨ ᠬᠤᠯᠪᠣᠭᠠᠯᠠᠵᠤ ᠬᠠᠮᠲᠤ ᠪᠠᠷ ᠪᠠᠶᠢᠭᠤᠯᠬᠤ︾ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/13
    ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠬᠠᠮᠵᠢᠯᠴᠠᠨ ᠬᠠᠮᠲᠤᠪᠠᠷ ᠠᠰᠢᠭ ᠬᠦᠷᠳᠡᠬᠦ ᠠᠷᠭ᠎ᠠ ᠵᠠᠮ ᠢ ᠭᠦᠨᠵᠡᠭᠡᠶᠢᠷᠡᠭᠦᠯᠦᠨ ᠥᠷᠭᠡᠳᠬᠡᠵᠦ᠂ ᠰᠠᠭᠤᠭᠠᠯᠢ ᠠᠷᠠᠳ ᠤᠨ ᠤᠯᠠᠨ ᠲᠦᠮᠡᠨ ᠳᠤ ᠨᠡᠩ ᠰᠠᠶᠢᠨ ᠦᠢᠯᠡᠴᠢᠯᠡᠬᠦ ᠶᠢᠨ ᠲᠥᠯᠥᠭᠡ᠂ 3 ᠰᠠᠷ᠎ᠠ ᠶᠢᠨ 12 ᠤᠨ ᠡᠳᠣᠷ᠂ ᠷᠡᠰᠢᠶᠠᠨ ᠬᠤᠳᠡ ᠶᠢᠨ ᠲᠢᠶᠠᠨ ᡂᠢ ᠪᠠᠯᠭᠠᠰᠤ ︽ᠪᠦᠬᠦ ᠣᠷᠣᠨ ᠪᠦᠰᠠ ᠶᠢᠨ ᠬᠠᠷᠢᠯᠴᠠᠨ ᠬᠤᠯᠪᠣᠭᠠᠯᠠᠵᠤ ᠬᠠᠮᠲᠤᠪᠠᠷ ᠪᠠᠶᠢᠭᠤᠯᠬᠤ︾ ᠶᠢ ᠠᠬᠢᠭᠤᠯᠬᠤ ᠬᠤᠷᠠᠯ ᠵᠢᠴᠢ ᠬᠠᠮᠲᠤᠪᠠᠷ ᠪᠠᠶᠢᠭᠤᠯᠬᠤ ᠬᠡᠯᠡᠯᠴᠡᠭᠡᠷ ᠲᠤ ᠭᠠᠷ ᠤᠨ ᠦᠰᠦᠭ ᠵᠢᠷᠤᠬᠤ ᠶᠣᠰᠣᠯᠠᠯ ᠶᠠᠪᠣᠬᠳᠡᠭᠤᠯᠵᠡᠢ᠂ ᠲᠢᠶᠠᠨ ᡂᠢ ᠪᠠᠯᠭᠠᠰᠤ ᠶᠢᠨ ᠨᠠᠮ ᠤᠨ ᠬᠤᠷᠢᠶ᠎ᠠ ᠶᠢᠨ ᠱᠦᠵᠢ ᠸᠠᠩ ᠰᠢᠶᠣᠣ ᠯᠦᠩ ᠨᠥᠬᠦᠷ ᠬᠤᠷᠠᠯ ᠢ ᠡᠷᠬᠢᠯᠡᠵᠦ᠂ ᠲᠢᠶᠠᠨ ᡂᠢ ᠪᠠᠯᠭᠠᠰᠤ ᠶᠢᠨ ᠬᠤᠶᠠᠷ ᠲᠣᠰᠬᠤᠨ ᠨᠢᠭᠡ ᠨᠡᠶᠢᠭᠡᠮ ᠲᠣᠭᠤᠷᠢᠭ ᠵᠢᠴᠢ 20 ᠰᠠᠭᠤᠭ᠎ᠠ ᠨᠢᠭᠡᠴᠢ ᠶᠢᠨ 21 ᠨᠠᠮ ᠤᠨ ᠡᠭᠦᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃     ᠬᠤᠷᠠᠯ ᠳᠡᠭᠡᠷ᠎ᠡ᠂ ᠲᠢᠶᠠᠨ ᡂᠢ ᠬᠢᠯᠢ ᠶᠢᠨ ᠲᠣᠮᠢᠯᠠᠭᠰᠠᠨ ᠰᠠᠯᠪᠤᠷᠢ᠂ ᠷᠠᠰᠢᠶᠠᠨ ᠤ ᠰᠧᠨ ᠭᠥᠩ ᠺᠣᠮᠫᠠᠨᠢ ᠶᠢᠨ ᠲᠢᠶᠠᠨ ᡂᠢ ᠤᠢ ᠰᠢᠭᠤᠢ ᠶᠢᠨ ᠲᠠᠯᠠᠪᠠᠢ ᠵᠡᠷᠭᠡ 21 ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ  ᠨᠢ ᠲᠢᠶᠠᠨ ᡂᠢ ᠨᠡᠶᠢᠭᠡᠮ ᠲᠣᠭᠤᠷᠢᠭ ᠤᠨ ᠨᠠᠮ ᠤᠨ ᠡᠭᠦᠷ ᠲᠠᠢ ︽ᠪᠦᠬᠦ ᠣᠷᠣᠨ ᠪᠦᠰᠡ ᠶᠢᠨ ᠬᠠᠷᠢᠯᠴᠠᠨ ᠬᠤᠯᠪᠣᠭᠠᠯᠠᠵᠤ ᠬᠠᠮᠲᠤᠪᠠᠷ ᠪᠠᠶᠢᠭᠤᠯᠬᠤ ᠬᠡᠯᠡᠯᠴᠡᠭᠡᠷ ᠤᠨ ᠪᠢᠴᠢᠭ︾ ᠲᠣᠭᠲᠠᠵᠠᠢ᠃ ᠲᠢᠶᠠᠨ ᡂᠢ ᠨᠡᠶᠢᠭᠡᠮ ᠲᠣᠭᠤᠷᠢᠭ ᠤᠨ ᠬᠢᠨ ᠡᠬᠢ ᠪᠠᠶᠠᠯᠢᠭ ᠤᠨ ᠨᠠᠷᠢᠨ ᠲᠠᠩᠰᠠ ᠪᠣᠯᠣᠨ ᠬᠡᠷᠡᠭᠴᠡᠭᠡ ᠱᠠᠭᠠᠷᠳᠠᠯᠭ᠎ᠠ ᠶᠢᠨ ᠦᠢᠯᠡᠴᠢᠯᠡᠭᠡᠨ ᠤ ᠨᠠᠷᠢᠨ ᠲᠠᠩᠰᠠ ᠶᠢ ᠲᠠᠨᠢᠵᠤ᠂ ᠬᠠᠷᠢᠯᠴᠠᠨ ᠬᠤᠯᠪᠣᠭᠠᠯᠠᠵᠤ ᠬᠠᠮᠲᠤᠪᠠᠷ ᠪᠠᠶᠢᠭᠤᠯᠬᠤ ᠵᠦᠢᠯᠡᠰ ᠢ ᠲᠣᠭᠲᠠᠭᠠᠨ᠂ ᠬᠠᠷᠢᠯᠴᠠᠨ  ᠬᠦᠴᠢᠷᠳᠡᠵᠣ ᠲᠦᠪᠡᠭᠳᠡᠵᠣ ᠵᠣᠪᠠᠨᠢᠵᠣ ᠬᠦᠰᠠᠵᠣ ᠪᠠᠶᠢᠭ᠎ᠠ ᠠᠰᠠᠭᠤᠳᠠᠯ ᠢ ᠬᠠᠮᠲᠤᠪᠠᠷ ᠵᠥᠪᠳᠡᠯᠴᠡᠨ ᠰᠢᠢᠳᠪᠦᠷᠢᠯᠡᠵᠦ᠂ ᠠᠵᠢᠯ ᠳᠤ ᠪᠠᠶᠢᠭ᠎ᠠ ᠨᠠᠮ ᠤᠨ ᠭᠡᠰᠢᠭᠦᠨ ᠤ ᠤᠯᠠᠨ ᠲᠦᠮᠡᠨ ᠲᠠᠢ ᠬᠠᠷᠢᠯᠴᠠᠵᠤ ᠤᠯᠠᠨ ᠲᠦᠮᠡᠨ ᠳᠤ ᠦᠢᠯᠡᠴᠢᠯᠡᠬᠦ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠪᠠ᠃     ᠭᠠᠷ ᠤᠨ ᠦᠰᠦᠭ ᠵᠢᠷᠤᠬᠤ ᠶᠣᠰᠣᠯᠠᠯ ᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠰᠢᠶᠣᠣ ᠯᠦᠩ ᠡᠷᠭᠢᠯᠡᠪᠡ᠂ ᠲᠡᠷᠡ᠂ ᠲᠣᠰ ᠤᠳᠠᠭᠠᠨ ᠤ ᠬᠠᠷᠢᠯᠴᠠᠨ ᠬᠤᠯᠪᠣᠭᠠᠯᠠᠵᠤ ᠬᠠᠮᠲᠤ ᠪᠠᠷ ᠪᠦᠲᠦᠭᠡᠨ ᠪᠠᠶᠢᠭᠤᠯᠬᠤ ᠠᠵᠢᠯ ᠤᠨ ᠭᠡᠷ᠎ᠡ ᠲᠣᠭᠲᠠᠬᠤ ᠶᠣᠰᠣᠯᠠᠯ ᠪᠣᠯ ᠣᠶᠢᠲᠤ ᠭᠠᠵᠠᠷ ᠢ ᠬᠠᠮᠲᠤ ᠪᠠᠷ ᠪᠦᠲᠦᠭᠡᠨ ᠪᠠᠶᠢᠭᠤᠯᠵᠤ ᠬᠠᠮᠵᠢᠯᠴᠠᠨ ᠬᠥᠭᠵᠢᠭᠦᠯᠬᠦ ᠶᠢᠨ ᠬᠠᠶᠢᠨ ᠰᠦᠪᠡᠭᠴᠢᠯᠡᠯᠲᠡ ᠶᠢᠨ ᠲᠤᠷᠰᠢᠯᠲᠠ ᠮᠥᠨ᠂ ︽ᠨᠢᠭᠡ ᠲᠤᠭ᠂ ᠨᠢᠭᠡ ᠬᠡᠰᠡᠭ ᠤᠢ ᠰᠢᠭᠤᠢ᠂ ᠨᠢᠭᠡ ᠭᠡᠷ ᠪᠦᠯᠢ ᠮᠡᠲᠦ ᠳᠣᠲᠣᠨᠣ ᠪᠠᠶᠢᠬᠤ︾ ᠰᠢᠭᠤᠶᠢᠲᠤ ᠣᠷᠣᠨ ᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠦᠨᠡᠨᠴᠢ ᠰᠢᠳᠤᠷᠭᠤ ᠪᠠᠷ ᠬᠠᠮᠵᠢᠯᠴᠠᠨ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠣᠷᠣᠨ ᠨᠤᠲᠤᠭ ᠠᠵᠤ ᠠᠬᠤᠶᠢᠯᠠᠯ ᠬᠠᠮᠵᠢᠯᠴᠠᠬᠤ ︽ᠪᠦᠬᠦ ᠣᠷᠣᠨ ᠪᠦᠰᠡ ᠶᠢᠨ ᠬᠠᠷᠢᠯᠴᠠᠨ ᠬᠤᠯᠪᠣᠭᠠᠯᠠᠬᠤ ᠨᠠᠮ ᠤᠨ ᠪᠠᠶᠢᠭᠤᠯᠤᠯᠲᠠ︾ ᠶᠢᠨ ᠠᠵᠢᠯ ᠤᠨ ᠵᠠᠭᠪᠤᠷ ᠢ ᠪᠠᠶᠢᠭᠤᠯᠬᠤ ᠪᠠᠷ ᠭᠠᠷᠳᠠᠴᠠ ᠪᠣᠯᠭᠠᠵᠤ᠂ ᠬᠤᠶᠠᠷ ᠲᠠᠯ᠎ᠠ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠤᠯᠠᠨ ᠲᠡᠰ ᠳᠠᠪᠬᠤᠷᠭ᠎ᠠ᠂ ᠥᠷᠭᠡᠨ ᠬᠦᠷᠢᠶ᠎ᠡ᠂ ᠪᠦᠬᠦ ᠲᠠᠯ᠎ᠠ ᠶᠢᠨ ᠬᠠᠮᠲᠤᠷᠠᠯᠴᠠᠭ᠎ᠠ ᠶᠢ ᠥᠷᠨᠢᠭᠦᠯᠵᠦ᠂ ᠲᠢᠶᠠᠨ ᡂᠢ ᠪᠠᠯᠭᠠᠰᠤ ᠶᠢᠨ ᠠᠵᠤ ᠠᠬᠤᠢ᠂ ᠨᠡᠶᠢᠭᠡᠮ᠂ ᠠᠷᠠᠳ ᠤᠨ ᠠᠮᠢᠳᠤᠷᠠᠯ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠬᠤ ᠬᠡᠷᠡᠭᠲᠡᠢ  ᠬᠡᠵᠡᠢ᠃     ᠸᠠᠩ ᠰᠢᠶᠣᠣ ᠯᠦᠩ᠂ ᠡᠯ᠎ᠡ ᠨᠠᠮ ᠤᠨ ᠡᠭᠦᠷ ᠪᠡᠯᠡ ᠮᠥᠩᠭᠦ᠂ ᠮᠡᠷᠭᠡᠵᠢᠯ᠂ ᠴᠢᠳᠠᠪᠤᠷᠢᠲᠠᠨ᠂ ᠮᠡᠳᠡᠭᠡ ᠵᠠᠩᠭᠢ᠂ ᠡᠳ᠋ ᠪᠣᠳᠠᠰ᠂ ᠵᠢᠭᠰᠠᠭᠠᠯ ᠤᠨ ᠭᠠᠵᠠᠷ ᠵᠡᠷᠭᠡ ᠳᠠᠪᠠᠭᠤᠯᠢᠭ ᠢᠶᠠᠨ ᠨᠠᠷᠢᠨ ᠬᠢᠨᠠᠮᠠᠭᠠᠢ ᠡᠮᠬᠢᠯᠡᠨ ᠨᠡᠶᠢᠯᠡᠭᠦᠯᠵᠦ᠂ ᠲᠥᠷᠥᠯ ᠵᠦᠢᠯ᠂ ᠡᠬᠢ ᠪᠠᠶᠠᠯᠢᠭ᠂ ᠬᠡᠷᠡᠭᠴᠡᠭᠡ ᠱᠠᠭᠠᠷᠳᠠᠯᠭ᠎ᠠ ᠵᠡᠷᠭᠡ ᠭᠤᠷᠪᠠᠨ ᠨᠠᠷᠢᠨ ᠲᠠᠩᠰᠠ ᠶᠢ ᠡᠮᠬᠢᠯᠡᠨ ᠳᠢᠭᠯᠡᠵᠦ᠂ ᠨᠠᠷᠢᠨ ᠲᠠᠩᠰᠠ ᠲᠠᠢ ᠬᠠᠷᠢᠴᠠᠭᠤᠯᠤᠨ ᠬᠤᠣᠰ ᠴᠢᠭᠯᠡᠯ ᠢᠶᠠᠷ ᠲᠠᠨᠢᠵᠤ ᠠᠪᠬᠤ᠂ ᠬᠤᠣᠰ ᠴᠢᠭᠯᠡᠯ ᠢᠶᠠᠷ ᠦᠢᠯᠡᠴᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ︽ᠬᠠᠮᠵᠢᠯᠴᠠᠭᠰᠠᠨ︾ ᠦᠢᠯᠡᠴᠢᠯᠡᠭᠡᠨ ᠤ ᠰᠦᠷᠦᠭᠵᠢᠯ ᠢ ᠪᠣᠶ ᠪᠣᠯᠭᠠᠵᠤ᠂ ᠨᠠᠮ ᠤᠨ ᠪᠠᠶᠢᠭᠤᠯᠤᠯᠲᠠ + ᠰᠠᠶᠢᠨ ᠳᠤᠷ᠎ᠠ ᠶᠢᠨ ᠦᠢᠯᠡᠴᠢᠯᠡᠭᠡ ᠶᠢ ᠪᠣᠶ ᠪᠣᠯᠭᠠᠵᠤ᠂ ᠡᠯ᠎ᠡ ᠬᠠᠷᠢᠯᠴᠠᠨ ᠬᠤᠯᠪᠣᠭᠠᠯᠠᠵᠤ ᠬᠠᠮᠲᠤ ᠪᠠᠷ ᠪᠠᠶᠢᠭᠤᠯᠬᠤ ᠨᠠᠮ ᠤᠨ ᠡᠭᠦᠷ ᠬᠢᠭᠡᠳ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠬᠠᠮᠲᠤ ᠪᠠᠷ ᠰᠠᠭᠤᠵᠤ ᠬᠠᠮᠲᠤ ᠪᠠᠷ ᠪᠠᠶᠢᠭᠤᠯᠬᠤ᠂ ᠬᠠᠮᠲᠤᠷᠠᠨ ᠬᠥᠳᠡᠯᠦᠯᠴᠡᠵᠦ ᠦᠢᠯᠡᠴᠢᠯᠡᠬᠦ ᠶᠢ ᠬᠥᠲᠥᠯᠥᠨ ᠵᠢᠯᠤᠭᠤᠳᠴᠤ᠂ ᠠᠯᠢ ᠣᠯᠠᠨ ︽ᠪᠥᠬᠦ ᠣᠷᠣᠨ ᠪᠦᠰᠠ ᠶᠢᠨ ᠬᠠᠷᠢᠯᠴᠠᠨ ᠬᠤᠯᠪᠣᠭᠠᠯᠠᠵᠤ ᠬᠠᠮᠲᠤ ᠪᠠᠷ ᠪᠠᠶᠢᠭᠤᠯᠬᠤ︾ ᠠᠵᠢᠯᠯᠠᠭ᠎ᠠ ᠶᠢ ᠪᠦᠲᠦᠭᠡᠯᠴᠢ ᠪᠠᠷ ᠥᠷᠨᠢᠭᠦᠯᠬᠦ ᠭᠡᠷᠡᠭᠳᠡᠢ ᠭᠡᠵᠣ  ᠴᠢᠬᠤᠯᠠᠴᠢᠯᠠᠵᠡᠢ᠃     ᠲᠢᠶᠠᠨ ᡂᠢ ᠪᠠᠯᠭᠠᠰᠤ ᠶᠢᠨ ᠬᠢᠨ ᠲᠤᠰ ᠤᠳᠠᠭ᠎ᠠ ᠶᠢᠨ ᠬᠠᠮᠲᠤᠪᠠᠷ ᠪᠠᠶᠢᠭᠤᠯᠬᠤ ᠭᠡᠷ᠎ᠡ ᠲᠣᠭᠲᠠᠬᠤ ᠪᠠᠷ ᠠᠵᠠ ᠲᠣᠬᠢᠶᠠᠯ ᠪᠣᠯᠭᠠᠵᠤ᠂ ᠰᠢᠭᠤᠶᠢᠲᠤ ᠭᠠᠵᠠᠷ ᠤᠨ ᠬᠤᠯᠪᠤᠭᠠᠯᠠᠨ ᠬᠥᠳᠡᠯᠦᠯᠴᠡᠬᠦ ᠠᠵᠢᠯ ᠤᠨ ᠠᠷᠭ᠎ᠠ ᠵᠠᠮ ᠢ ᠰᠦᠪᠡᠭᠴᠢᠯᠡᠨ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠦᠪᠰᠢᠨ ᠢ ᠳᠡᠭᠡᠭᠰᠢᠯᠡᠭᠦᠯᠵᠦ᠂ ︽ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠬᠠᠮᠲᠤᠪᠠᠷ ᠰᠠᠭᠤᠵᠤ ᠬᠠᠮᠲᠤᠪᠠᠷ ᠪᠠᠶᠢᠭᠤᠯᠬᠤ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ︾ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠰᠢᠨ᠎ᠡ ᠪᠠᠶᠢᠷᠢᠰᠢᠯ ᠢ ᠪᠠᠶᠢᠭᠤᠯᠣᠨ᠎ᠠ᠃  
 
ᠢᠷᠡᠯᠲᠡ᠄ ᠳᠤᠮᠳᠠᠳᠤ ᠤᠯᠤᠰ ᠤᠨ ᠤᠮᠠᠷᠠᠲᠤ ᠬᠢᠯᠢ ᠶᠢᠨ ᠰᠢᠳᠢᠲᠦ ᠲᠢᠶᠠᠨ ᡂᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号