ᠷᠠᠰᠢᠶᠠᠨ ᠬᠤᠲᠠ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/13
    3 ᠰᠠᠷ᠎ᠠ ᠶᠢᠨ 12 ᠤᠨ ᠡᠳᠦᠷ᠂ ᠷᠠᠰᠢᠶᠠᠨ ᠬᠤᠲᠠ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠬᠤᠷᠠᠯ ᠬᠤᠷᠠᠯᠳᠤᠭᠤᠯᠵᠤ᠂ ᠬᠤᠷᠠᠯ ᠢ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠵᠣᠣ ᠫᠧᠩ ᠴᠢ ᠡᠷᠭᠢᠯᠡᠵᠦ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠰᠢᠶᠣᠣ ᠬᠤᠸᠠᠨ ᠶᠠᠷᠢᠶ᠎ᠠ ᠲᠠᠯᠪᠢᠪᠠ᠃ ᠬᠤᠷᠠᠯ ᠠᠴᠠ ︽ᠷᠠᠰᠢᠶᠠᠨ ᠬᠤᠲᠠ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠬᠡᠷᠡᠭᠵᠢᠭᠦᠯᠬᠦ ᠲᠥᠰᠥᠯ︾  ᠢ ᠰᠤᠳᠤᠯᠤᠨ ᠬᠢᠨᠠᠨ ᠵᠥᠪᠯᠡᠭᠰᠡᠨ ᠪᠥᠭᠡᠳ ᠬᠠᠮᠢᠶ᠎ᠠ ᠪᠦᠬᠦᠢ ᠠᠵᠢᠯ ᠢ ᠨᠠᠷᠢᠨ ᠨᠢᠭᠲᠠ ᠲᠣᠬᠢᠷᠠᠭᠤᠯᠤᠨ ᠪᠠᠶᠢᠷᠢᠯᠠᠭᠤᠯᠵᠠᠢ᠃     ᠸᠠᠩ ᠰᠢᠶᠣᠣ ᠬᠤᠸᠠᠨ᠂ ᠡᠯ᠎ᠡ ᠬᠠᠷᠢᠭᠤᠴᠠᠯᠭᠠᠲᠤ ᠨᠢᠭᠡᠴᠢ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠤᠯᠤᠰ ᠤᠨ ᠶᠡᠭᠡ ᠬᠡᠮᠵᠢᠶᠡᠨ ᠠᠴᠠ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠳᠤ ᠬᠠᠨᠳᠤᠭᠤᠯᠣᠨ ᠂ ᠤᠯᠤᠰ ᠲᠥᠷᠥ ᠶᠢᠨ ᠲᠠᠩᠰᠠ᠂ ᠨᠡᠷ᠎ᠡ ᠬᠦᠨᠳᠦᠲᠦ ᠲᠠᠩᠰᠠ᠂ ᠠᠵᠤ ᠠᠬᠤᠢ ᠶᠢᠨ ᠲᠠᠩᠰᠠ ᠶᠢ ᠰᠠᠶᠢᠲᠤᠷ ᠬᠢᠵᠣ ᠬᠦᠢᠴᠡᠳᠭᠡᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠠᠳᠬᠤᠬᠤ ᠬᠠᠷᠢᠭᠤᠴᠠᠯᠭᠠᠲᠤ ᠰᠡᠳᠬᠢᠯᠭᠡ ᠪᠠᠴᠢᠮ ᠲᠤᠯᠭᠠᠮ᠎ᠠ ᠰᠡᠳᠬᠢᠯᠭᠡ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠠᠮᠢ ᠠᠬᠤᠢ ᠶᠢᠨ ᠬᠠᠮᠠᠭᠠᠯᠠᠯᠲᠠ ᠰᠡᠷᠭᠦᠭᠡᠯᠲᠡ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃ ᠬᠠᠮᠢᠶᠠᠷᠤᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠬᠠᠷᠢᠯᠴᠠᠨ ᠬᠠᠮᠵᠢᠯᠴᠠᠵᠤ᠂ ᠵᠣᠷᠢᠭᠲᠠᠢ ᠪᠠᠷ ᠠᠳᠬᠤᠨ ᠵᠣᠷᠢᠭᠲᠠᠢ ᠪᠠᠷ ᠬᠠᠮᠢᠶᠠᠷᠴᠤ᠂  ᠭᠡᠳᠣ ᠮᠠᠯᠵᠢᠬᠤ᠂ ᠬᠤᠯᠠᠭᠠᠶᠢᠯᠠᠨ ᠮᠠᠯᠵᠢᠬᠤ ᠠᠵᠢᠯᠯᠠᠭ᠎ᠠ ᠳᠤ ᠬᠠᠤᠯᠢ ᠶᠣᠰᠣᠭᠠᠷ  ᠴᠢᠩᠭ᠎ᠠ ᠴᠣᠬᠢᠯᠲᠠ ᠥᠭᠴᠦ᠂ ᠰᠠᠶᠢᠨ ᠰᠠᠶᠢᠬᠠᠨ ᠠᠵᠢᠯ ᠤᠨ ᠦᠷ᠎ᠡ ᠪᠦᠲᠦᠮᠵᠢ ᠶᠢ ᠪᠤᠢ ᠪᠣᠯᠭᠠᠬᠤ ᠬᠡᠷᠡᠭᠲᠡᠢ᠃ ᠭᠡᠷ ᠪᠦᠯᠢ ᠶᠢᠨ ᠠᠮᠢ ᠠᠬᠤᠢ ᠶᠢᠨ ᠣᠶ ᠰᠢᠭᠤᠢ ᠶᠢᠨ ᠲᠠᠯᠠᠪᠠᠶ ᠳᠤ ᠬᠡᠳᠣᠷᠡᠯ᠎ᠠ ᠪᠡᠯᠴᠢᠭᠡᠷᠯᠡᠭᠦᠯᠵᠣ ᠪᠣᠯᠬᠤ ᠦᠭᠡᠢ᠂ ᠬᠢᠯᠢ  ᠶᠢ ᠳᠠᠪᠠᠭᠤᠯᠵᠤ ᠪᠣᠯᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠭᠡᠷᠡᠭᠳᠡᠢ᠃ ᠵᠠᠳᠠᠯᠤᠨ ᠰᠤᠳᠤᠯᠵᠤ ᠮᠠᠭᠠᠳᠯᠠᠬᠤ ᠪᠠᠨ ᠴᠢᠩᠭᠠᠳᠬᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠦᠨᠡᠨ ᠬᠦ ᠨᠢᠭᠡᠳᠦᠯᠲᠡᠢ ᠪᠥᠭᠡᠳ ᠪᠣᠳᠠᠲᠠᠢ ᠠᠳᠬᠤᠵᠤ᠂ ᠬᠡᠲᠣ ᠮᠠᠯᠵᠢᠬᠤ᠂ ᠬᠤᠯᠠᠭᠠᠶᠢᠯᠠᠨ ᠮᠠᠯᠵᠢᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠥᠬᠦ ᠲᠠᠯ᠎ᠠ ᠶᠢᠨ ᠬᠢᠨᠠᠯᠲᠠ ᠪᠠᠶᠢᠴᠠᠭᠠᠯᠲᠠ ᠬᠢᠵᠦ᠂ ᠣᠷᠣᠰᠢᠵᠤ ᠪᠠᠶᠢᠭ᠎ᠠ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠠᠰᠠᠭᠤᠳᠠᠯ ᠢ ᠬᠠᠤᠯᠢ ᠲᠣᠭᠲᠠᠭᠠᠯ ᠢᠶᠠᠷ ᠰᠢᠢᠳᠪᠦᠷᠢᠯᠡᠨ᠂ ᠪᠡᠯᠴᠢᠭᠡᠷᠯᠡᠭᠦᠯᠬᠦ ᠶᠢ ᠴᠠᠭᠠᠵᠠᠯᠠᠵᠤ ᠪᠢᠲᠡᠭᠦᠮᠵᠢᠯᠡᠨ  ᠣᠶᠢᠵᠢᠭᠤᠯᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ ᠭᠡᠵᠣ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号