ᠦᠨᠳᠣᠰᠣᠳᠡᠨ ᠤ ᠪᠦᠯᠬᠦᠮᠳᠡᠯ ᠲᠠᠪᠰᠢᠯᠳᠡ ᠶᠢᠨ ᠲᠣᠬᠠᠢ ᠬᠢᠴᠢᠶᠠᠯ ᠲᠠᠶᠢᠯᠣᠮᠵᠢ
ᠨᠡᠶᠢᠲᠡᠯᠡᠭᠰᠡᠨ ᠴᠠᠭ᠄
2024/3/19
      3 ᠰᠠᠷ᠎ᠠ ᠶᠢᠨ 18 ᠤ ᠡᠳᠦᠷ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠣᠨ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠶᠢᠨ ᠲᠥᠯᠥᠭᠡ᠂ ᠷᠡᠰᠢᠶᠠᠨ ᠬᠤᠲᠠ ᠶᠢᠨ  ᠦᠨᠳᠣᠰᠣᠳᠡᠨ ᠤ ᠭᠡᠷᠡᠭ ᠡᠷᠬᠢᠯᠡᠬᠦ ᠵᠥᠪᠯᠡᠯ᠂ ᠰᠢᠨ ᠴᠧᠩ ᠵᠡᠭᠡᠯᠢ ᠶᠢᠨ ᠬᠡᠷᠡᠭ ᠡᠷᠬᠢᠯᠡᠬᠦ ᠭᠠᠵᠠᠷ  ᠂ ᠾᠧ ᠫᠢᠩ ᠨᠡᠶᠢᠭᠡᠮ ᠲᠣᠭᠤᠷᠢᠭ ᠲᠠᠢ ᠬᠠᠮᠲᠤᠷᠠᠨ ︽ᠨᠠᠮ ᠤᠨ ᠠᠴᠢ ᠳᠤ ᠲᠠᠯᠠᠷᠬᠠᠵᠣ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠦᠨᠳᠦᠰᠦᠲᠡᠨ ᠤ ᠪᠦᠯᠬᠦᠮᠳᠡᠯ ᠲᠠᠪᠰᠢᠯᠳᠡ ᠶᠢᠨ ᠲᠣᠬᠠᠢ ᠣᠬᠠᠭᠤᠯᠭ᠎ᠠ ᠶᠢ ᠦᠨᠳᠣᠰᠣᠨ ᠱᠠᠳᠣᠨ ᠳᠤ ᠬᠦᠷᠭᠡᠬᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠪᠡ᠃
     ᠠᠵᠢᠯᠯᠠᠭᠠᠨ ᠳᠤ᠂ ᠤᠬᠠᠭᠤᠯᠤᠨ ᠲᠠᠶᠢᠯᠪᠤᠷᠢᠯᠠᠬᠤ ᠡᠩᠨᠡᠭᠡ ᠶᠢ ᠪᠠᠶᠢᠭᠤᠯᠵᠤ᠂ ᠾᠧ ᠫᠢᠩ ᠨᠡᠶᠢᠭᠡᠮ ᠲᠣᠭᠤᠷᠢᠭ ᠲᠤ ᠦᠨᠳᠦᠰᠦᠨ ᠱᠠᠲᠤᠨ ᠤ ᠨᠠᠮ ᠤᠨ ᠭᠡᠰᠢᠭᠦᠨ᠂ ᠺᠠᠳ᠋ᠷ ᠪᠣᠯᠣᠨ ᠤᠯᠠᠨ ᠲᠦᠮᠡᠨ ᠳᠤ ᠬᠠᠨᠳᠤᠭᠤᠯᠵᠣ᠂ ︽ᠨᠡᠶᠢᠭᠡᠮ ᠲᠣᠭᠤᠷᠢᠭ ᠲᠠᠬᠢ ᠬᠢᠴᠢᠶᠡᠯ ᠤᠨ ᠲᠠᠩᠬᠢᠮ︾ ᠤᠨ ᠤᠬᠠᠭᠤᠯᠤᠨ ᠲᠠᠶᠢᠯᠪᠤᠷᠢᠯᠠᠬᠤ ᠬᠡᠯᠪᠡᠷᠢ ᠪᠠᠷ ᠬᠢᠯᠪᠡᠷ᠂ ᠲᠦᠬᠦᠮ᠂ ᠣᠶᠢᠯᠠᠭᠠᠮᠵᠢᠳᠡᠢ ᠤᠯᠠᠨ ᠲᠦᠮᠡᠨ ᠲᠠᠢ ᠣᠶᠢᠷᠠᠲᠤᠭᠰᠠᠨ ᠬᠤᠪᠢᠰᠬᠠᠯ ᠤᠨ ᠦᠯᠢᠭᠡᠷ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠢᠩᠭᠠᠨ ᠠᠶᠢᠮᠠᠭ ᠤᠨ ᠦᠯᠢᠭᠡᠷ ᠵᠢᠴᠢ ᠳᠡᠷᠭᠡᠳᠡᠬᠢ ᠵᠢᠵᠢᠭ ᠦᠯᠢᠭᠡᠷ ᠢ ᠶᠠᠷᠢᠵᠣ ᠦᠭᠴᠠᠢ᠃
     ᠤᠬᠠᠭᠤᠯᠤᠨ ᠲᠠᠶᠢᠯᠪᠤᠷᠢᠯᠠᠬᠤ ᠡᠩᠨᠡᠭᠡᠨ ᠤ ᠯᠧᠺᠲ᠋ᠣᠷ᠂ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ ᠪᠣᠯᠣᠨ ᠦᠨᠳᠦᠰᠦᠲᠡᠨ ᠨᠦᠭᠦᠳ ᠤᠨ ᠤᠯᠠᠨ ᠲᠦᠮᠡᠨ ᠨᠠᠮ ᠤᠨ ᠠᠴᠢ ᠳᠤ ᠲᠠᠯᠠᠷᠬᠠᠵᠣ᠂ ᠨᠠᠮ ᠤᠨ ᠦᠭᠡ ᠶᠢ ᠰᠣᠨᠣᠰᠬᠤ᠂ ᠶᠡᠷᠦᠩᠬᠡᠢ ᠱᠦᠵᠢ ᠰᠢ ᠶᠢᠨ ᠫᠢᠩ ᠢ ᠲᠠᠭᠠᠵᠦ ᠰᠢᠨ᠎ᠡ ᠠᠶᠠᠨ ᠳᠠᠭᠠᠨ ᠢᠳᠡᠪᠬᠢᠲᠡᠢ ᠵᠢᠱᠢᠶᠡᠴᠢ ᠪᠣᠯᠬᠤ ᠬᠡᠷᠡᠭᠲᠡᠢ᠃ ᠦᠨᠳᠦᠰᠦᠲᠡᠨ ᠨᠦᠭᠦᠳ ᠤᠨ ᠠᠷᠠᠳ ᠲᠦᠮᠡᠨ ᠳᠤ ︽ᠨᠠᠮ ᠤᠨ ᠠᠴᠢ ᠳᠤ ᠲᠠᠯᠠᠷᠬᠠᠵᠣ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠴᠢᠭᠯᠡᠯᠲᠡ ᠦᠵᠡᠯ ᠰᠠᠨᠠᠭ᠎ᠠ ᠶᠢ ᠭᠦᠢᠴᠡᠳ ᠲᠠᠨᠢᠭᠤᠯᠬᠤ ᠶᠢ ᠪᠠᠷᠢᠮᠲᠠᠯᠠᠵᠤ᠂ ᠲᠡᠷᠡᠴᠢᠯᠡᠨ ᠦᠨᠳᠦᠰᠦᠲᠡᠨ ᠨᠦᠭᠦᠳ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠬᠡᠷᠡᠭᠲᠡᠢ ᠭᠡᠵᠦ ᠢᠯᠡᠳᠬᠡᠵᠡᠢ᠃
     ᠳᠠᠷᠠᠭᠠᠴᠢ ᠶᠢᠨ ᠠᠯᠬᠤᠮ ᠳᠤ᠂  ᠰᠢᠨ ᠴᠧᠩ ᠵᠡᠭᠡᠯᠢ ᠨᠢ ᠭᠠᠵᠡᠷ ᠣᠷᠣᠨ ᠤ ᠳᠠᠪᠠᠭᠤᠯᠢᠭ ᠢᠶᠠᠨ ᠦᠷᠭᠦᠯᠵᠢᠯᠡᠨ ᠭᠦᠢᠴᠡᠳ ᠠᠰᠢᠭᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠤᠬᠠᠭᠤᠯᠤᠨ ᠰᠤᠷᠤᠯᠴᠠᠬᠤ ᠶᠢ ᠰᠠᠨᠠᠭᠠᠴᠢᠯᠠᠵᠤ᠂ ︽ᠵᠢᠷᠭᠤᠭᠠᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠭᠦᠨᠵᠡᠭᠡᠢ ᠣᠶᠢᠯᠠᠭᠠᠨ ᠲᠠᠨᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠤᠨ ᠲᠤᠭᠤᠰᠯᠠᠭᠤᠯᠣᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠣ ᠴᠣᠬᠴᠠᠯᠠᠬᠤ᠂ ᠦᠨᠳᠦᠰᠦᠲᠡᠨ ᠤ ᠪᠦᠯᠬᠦᠮᠳᠡᠯ ᠤᠨ ᠡᠭᠦᠷᠭᠡ ᠶᠢ ᠭᠦᠨᠵᠡᠭᠡᠢ ᠪᠣᠳᠠᠲᠠᠶᠢᠵᠢᠭᠤᠯᠤᠨ᠎ᠠ᠃
 
ᠢᠷᠡᠯᠲᠡ᠄ ᠪᠦᠯᠬᠦᠮᠳᠡᠨ ᠲᠡᠮᠡᠴᠡᠵᠦ ᠪᠠᠶᠢᠭ᠎ᠠ ᠷᠠᠰᠢᠶᠠᠨ ᠤ ᠷᠢᠳᠢ ᠰᠢᠳᠢᠳᠣ ᠰᠢᠨ ᠴᠧᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号