ᠡᠷᠡᠬᠦᠯ ᠬᠠᠮᠠᠭᠠᠯᠠᠯ ᠤᠨ ᠠᠵᠢᠯ ᠢ ᠰᠠᠶᠢᠳᠣᠷ ᠬᠢᠨ᠎ᠠ
ᠨᠡᠶᠢᠲᠡᠯᠡᠭᠰᠡᠨ ᠴᠠᠭ᠄
2024/3/19
     ᠤᠯᠤᠰ ᠤᠨ ᠲᠠᠰ ᠤᠨ ᠡᠷᠡᠭᠦᠯ ᠬᠠᠮᠠᠭᠠᠯᠠᠯ ᠤᠨ ᠪᠠᠯᠭᠠᠰᠤ ᠵᠡᠭᠡᠯᠢ  ᠶᠢ ᠡᠭᠦᠳᠦᠨ ᠪᠠᠶᠢᠭᠤᠯᠬᠤ ᠠᠵᠢᠯ ᠢ ᠤᠯᠠᠮ ᠨᠢᠭᠡ ᠠᠯᠬᠤᠮ ᠠᠬᠢᠭᠤᠯᠵᠤ᠂ ᠴᠡᠪᠡᠷ ᠲᠡᠭᠰᠢ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠣᠷᠴᠢᠨ ᠨᠥᠬᠦᠴᠡᠯ ᠢ ᠪᠣᠶ ᠪᠣᠯᠭᠠᠬᠤ ᠶᠢᠨ ᠲᠥᠯᠥᠭᠡ᠂ ᠣᠶᠢᠷ᠎ᠠ  ᠳᠤ᠂ ᠷᠡᠰᠢᠶᠠᠨ ᠬᠤᠳᠡ ᠶᠢᠨ ᠢᠷᠪᠢᠰ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠨᠠᠮ ᠤᠨ ᠭᠡᠰᠢᠭᠦᠨ ᠰᠠᠶᠢᠨ ᠳᠤᠷ᠎ᠠ ᠶᠢᠨ ᠣᠶᠢᠯᠡᠴᠢᠯᠡᠭᠴᠢ᠂ ᠪᠠᠶᠢᠭᠤᠯᠭ᠎ᠠ ᠶᠢᠨ ᠠᠵᠢᠯᠲᠠᠨ᠂ ᠣᠷᠴᠢᠨ ᠲᠣᠭᠤᠷᠢᠨ ᠤ ᠡᠷᠡᠬᠦᠯ ᠬᠠᠮᠠᠭᠠᠯᠠᠯ ᠤᠨ ᠠᠵᠢᠯᠴᠢᠨ ᠵᠡᠷᠭᠡ ᠶᠢ ᠢᠳᠡᠪᠬᠢᠲᠡᠢ ᠵᠣᠬᠢᠶᠠᠨ ᠪᠠᠶᠢᠭᠤᠯᠵᠤ᠂ ᠣᠷᠴᠢᠨ  ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠪᠡ᠃
     ᠴᠡᠭᠴᠡᠯᠡᠨ ᠵᠠᠰᠠᠬᠤ ᠶᠠᠪᠤᠴᠠ ᠳᠤ᠂ ᠤᠯᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠷᠢᠯᠴᠠᠨ ᠬᠠᠮᠵᠢᠯᠴᠠᠵᠤ᠂ ᠬᠠᠷᠢᠶ᠎ᠠ ᠣᠷᠣᠨ ᠤ ᠳᠣᠲᠣᠷᠠᠬᠢ ᠵᠠᠮ ᠳᠠᠭᠠᠤ᠂ ᠠᠰᠠᠷ ᠤᠨ ᠡᠮᠦᠨ᠎ᠡ ᠬᠤᠶᠢᠨ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠤ ᠳᠤᠷ᠎ᠠ ᠪᠠᠷ ᠢᠶᠠᠨ ᠣᠪᠣᠭᠠᠯᠠᠵᠤ  ᠲᠠᠯᠪᠢᠵᠣ ᠪᠠᠶᠢᠭ᠎ᠠ ᠠᠮᠢᠳᠤᠷᠠᠯ ᠤᠨ ᠬᠤᠭ ᠨᠣᠪᠰᠢ ᠶᠢ ︽ᠪᠦᠬᠦᠨ ᠢ ᠪᠦᠷᠬᠦᠭᠦᠯᠬᠦ᠂ ᠲᠣᠣᠷᠯᠠᠬᠤ ᠬᠡᠯᠪᠡᠷᠢ︾ ᠪᠠᠷ ᠴᠡᠪᠡᠷᠯᠡᠨ ᠲᠢᠭᠯᠡᠵᠦ᠂ ︽ᠨᠠᠷᠢᠯᠢᠭ︾ ᠠᠴᠠ ᠭᠠᠷᠳᠠᠬᠤ ᠶᠢ ᠪᠠᠷᠢᠮᠲᠠᠯᠠᠵᠤ᠂ ︽ᠪᠣᠳᠠᠲᠠᠢ︾ ᠲᠡᠰᠢ ᠬᠦᠴᠦᠯᠡᠪᠡ᠃
     ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠲᠥᠪᠯᠡᠷᠡᠭᠦᠯᠦᠨ ᠵᠠᠰᠠᠬᠤ ᠠᠵᠢᠯᠯᠠᠭ᠎ᠠ ᠨᠢ ᠬᠤᠲᠠ ᠶᠢᠨ ᠬᠠᠮᠢᠶᠠᠷᠤᠯᠲᠠ᠂ ᠠᠳᠠᠯ ᠠᠬᠤᠢ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠪᠠᠶᠢᠭᠤᠯᠭ᠎ᠠ ᠶᠢᠨ ᠠᠵᠢᠯᠲᠠᠨ ᠨᠡᠶᠢᠲᠡ 200 ᠭᠠᠷᠤᠢ ᠬᠥᠮᠥᠨ ᠤᠳᠠᠭ᠎ᠠ᠂ ᠬᠤᠰᠤᠭᠤᠷ ᠲᠡᠷᠭᠡ 2᠂ ᠬᠤᠭ ᠨᠣᠪᠰᠢ ᠴᠡᠪᠡᠷᠯᠡᠨ ᠲᠡᠭᠡᠭᠡᠪᠦᠷᠢᠯᠡᠬᠦ ᠲᠡᠷᠭᠡ 5 ᠶᠢ ᠬᠥᠳᠡᠯᠭᠡᠵᠦ᠂ ᠨᠡᠶᠢᠲᠡ 32 ᠲᠣᠨ ᠬᠤᠭ ᠨᠣᠪᠰᠢ ᠶᠢ ᠴᠡᠪᠡᠷᠯᠡᠵᠦ᠂ ᠠᠵᠢᠯᠯᠠᠭ᠎ᠠ ᠨᠢ 30 ᠠᠰᠠᠷ ᠢ ᠪᠦᠷᠬᠦᠬᠦᠪᠡ᠃ ᠵᠠᠯᠭᠠᠭᠠᠳ ᠢᠷᠪᠢᠰ ᠵᠡᠭᠡᠯᠢ ᠶᠢᠨ ᠬᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠣᠷᠴᠢᠨ ᠲᠣᠭᠤᠷᠢᠨ ᠴᠡᠪᠡᠷ ᠲᠡᠭᠰᠢ᠂ ᠡᠮᠬᠢ ᠳᠢᠭᠯᠢᠮ ᠲᠠᠢ ᠬᠥᠮᠥᠰ ᠤᠨ ᠣᠷᠣᠰᠢᠨ ᠰᠠᠭᠤᠷᠢᠰᠢᠬᠤ ᠲᠣᠬᠢᠷᠡᠮᠵᠢᠳᠡᠢ ᠣᠷᠴᠢᠨ ᠲᠣᠭᠤᠷᠢᠨ ᠢ ᠪᠠᠶᠢᠭᠤᠯᠵᠣ᠂ ᠤᠯᠤᠰ ᠤᠨ ᠲᠠᠰ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠳᠤ ᠢᠳᠡᠪᠬᠢᠲᠡᠢ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠢᠷᠪᠢᠰ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号