ᠷᠠᠰᠢᠶᠠᠨ ᠬᠤᠲᠠ  ᠷᠧ ᠯᠢ MALL ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2024/3/20
     3 ᠰᠠᠷ᠎ᠠ ᠶᠢᠨ 19 ᠤ ᠡᠳᠦᠷ᠂ ᠷᠠᠰᠢᠶᠠᠨ ᠬᠤᠲᠠ ᠷᠧ ᠯᠢ MALL ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠲᠥᠷᠥᠯ ᠵᠦᠢᠯ ᠤᠨ ᠵᠢᠷᠤᠭ ᠲᠥᠯᠥᠪᠯᠡᠭᠡ ᠶᠢᠨ ᠲᠥᠰᠥᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠸᠠᠩ ᠲᠢᠶᠠᠨ ᠹᠧᠩ ᠬᠤᠷᠠᠯ ᠡᠷᠭᠢᠯᠡᠪᠡ᠃      ᠬᠤᠷᠠᠯ ᠠᠴᠠ᠂ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠡᠮᠬᠢᠯᠡᠵᠦ᠂ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠲᠡᠷᠢᠭᠦᠨ ᠤ ᠲᠤᠷᠰᠢᠯᠭ᠎ᠠ ᠪᠠᠷ ᠲᠣᠯᠢ ᠪᠣᠯᠭᠠᠨ᠂ ᠲᠦᠷᠦᠯ ᠵᠦᠢᠯ ᠤᠨ ᠪᠠᠶᠢᠷᠢ ᠲᠣᠭᠲᠠᠭᠠᠯᠲᠠ ᠶᠢ ᠤᠯᠠᠮ ᠴᠢᠨᠠᠭᠰᠢᠳᠠ ᠲᠣᠳᠣᠷᠬᠠᠶᠢᠯᠠᠵᠤ᠂ ᠲᠥᠰᠥᠯ ᠢ ᠨᠠᠷᠢᠯᠢᠭᠵᠢᠭᠤᠯᠤᠨ ᠰᠢᠯᠢᠳᠡᠭᠵᠢᠭᠦᠯᠵᠦ᠂ ᠰᠣᠶᠣᠯ ᠤᠨ ᠡᠯᠧᠮᠧᠨ᠋ᠲ ᠲᠤ ᠪᠦᠬᠦ ᠲᠠᠯ᠎ᠠ ᠪᠠᠷ ᠠᠭᠤᠰᠤᠯᠴᠠᠨ᠂ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠠᠮᠲᠠᠲᠤ ᠢᠳᠡᠭᠡᠨ ᠤ ᠲᠦᠷᠦᠯ ᠲᠡᠮᠳᠡᠭ ᠢ ᠢᠳᠡᠪᠬᠢᠲᠡᠢ ᠣᠷᠣᠭᠤᠯᠵᠤ᠂ ᠡᠵᠡᠨ ᠵᠣᠴᠢᠨ ᠬᠠᠮᠲᠤᠪᠠᠷ ᠡᠳ᠋ᠯᠡᠬᠦ᠂ ᠳᠦᠷᠪᠡᠨ ᠤᠯᠠᠷᠢᠯ ᠳᠤ ᠡᠵᠡᠩᠨᠡᠬᠦ ᠠᠮᠲᠠᠲᠤ ᠢᠳᠡᠭᠡᠨ ᠤ ᠰᠣᠳᠣᠨ ᠵᠡᠭᠡᠯᠢ ᠲᠣᠭᠤᠷᠢᠭ ᠢ ᠦᠨᠡᠨ ᠬᠦ ᠪᠠᠶᠢᠭᠤᠯᠬᠤ ᠬᠡᠷᠡᠭᠲᠡᠢ᠃ ᠵᠠᠰᠠᠭ ᠤᠨ ᠣᠷᠳᠣᠨ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠬᠠᠷᠢᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠨᠢᠭᠲᠠ ᠠᠩᠬᠠᠷᠴᠤ᠂ ᠡᠮᠦᠨᠡᠬᠢ ᠬᠤᠭᠤᠴᠠᠭᠠᠨ ᠤ ᠠᠵᠢᠯ ᠢ ᠲᠦᠷᠭᠡᠨ ᠠᠬᠢᠭᠤᠯᠵᠤ᠂ ᠲᠦᠷᠦᠯ ᠵᠦᠢᠯ ᠢ ᠲᠣᠭᠲᠠᠭᠰᠠᠨ ᠬᠤᠭᠤᠴᠠᠭᠠᠨ ᠳᠤ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠪᠠᠲᠤᠯᠠᠵᠤ᠂ ᠠᠯᠢ ᠲᠦᠷᠭᠡᠨ ᠢᠶᠠᠷ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠭᠠᠷᠭᠠᠵᠤ᠂ ᠷᠠᠰᠢᠶᠠᠨ ᠤ  ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠳᠠ ᠶᠢᠨ ᠤᠳᠤᠷᠢᠳᠤᠯᠭ᠎ᠠ ᠬᠠᠨ ᠴᠠᠩ ᠵᠢᠣ᠂ ᠪᠠᠢ  ᠹᠧᠩ᠂ ᠸᠠᠩ ᠬᠠᠢ ᠵᠢᠶᠦ᠋ᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠂ ᠵᠢᠷᠤᠭ ᠲᠥᠯᠥᠪᠯᠡᠭᠡᠨ ᠤ ᠺᠣᠮᠫᠠᠨᠢ ᠶᠢᠨ ᠬᠠᠷᠢᠭᠤᠴᠠᠯᠭᠠᠲᠠᠨ ᠨᠥᠬᠦᠳ ᠬᠤᠷᠡᠯ ᠳᠤ ᠣᠷᠣᠯᠴᠠᠪᠠ᠃  
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号